︵ᠰᠤᠷᠪᠤᠯᠵᠢᠯᠠᠭᠴᠢ ᠮᠢᠶᠣᠣ ᠴᠢᠩ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠢᠨᠵᠧᠨᠧᠷᠢᠩ ᠤᠨ ᠰᠤᠳᠤᠯᠭᠠᠨ ᠤ ᠲᠥᠪ ᠢ ᠨᠤᠲᠠᠯᠠᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ | ᠮᠡᠳᠡᠭᠳᠡᠯ︾ ᠪᠠᠭᠤᠯᠭᠠᠵᠤ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠼᠢᠶᠠᠨᠢᠳᠢᠨ | ᠦᠢᠯᠡᠳᠪᠦᠷᠢᠯᠡᠬᠦ ᠢᠨᠵᠧᠨᠧᠷᠢᠩ ᠤᠨ ᠰᠤᠳᠤᠯᠭᠠᠨ ᠤ ᠲᠥᠪ ᠠᠮᠵᠢᠯᠲᠠ ᠲᠠᠢ ᠪᠠᠷ ᠰᠣᠩᠭᠤᠭᠳᠠᠪᠠ᠃ ᠲᠣᠰ | ᠰᠤᠳᠤᠯᠭᠠᠨ ᠤ ᠲᠥᠪ ᠪᠣᠯ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠬᠠᠳᠠᠭᠴᠢ | ᠮᠤᠵᠢ ᠶᠢᠨ ᠲᠠᠰ ᠤᠨ ᠢᠨᠵᠧᠨᠧᠷᠢᠩ ᠤᠨ ᠰᠤᠳᠤᠯᠭᠠᠨ ᠤ ᠲᠥᠪ ᠪᠣᠯᠤᠨ᠎ᠠ᠂ ᠳᠡᠭᠡᠳᠦ ᠰᠤᠷᠭᠠᠭᠤᠯᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠪᠠᠰᠠ ᠨᠢᠭᠡᠨ ᠴᠢᠬᠤᠯᠠ ᠢᠯᠡᠷᠡᠯ ᠮᠥᠨ᠃ | ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠼᠢᠶᠠᠨᠢᠳᠢᠨ ᠦᠢᠯᠡᠳᠪᠦᠷᠢᠯᠡᠬᠦ | ᠢᠨᠵᠧᠨᠧᠷᠢᠩ ᠤᠨ ᠰᠤᠳᠤᠯᠭᠠᠨ ᠤ ᠲᠥᠪ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠪᠤᠷᠢ ᠶᠢᠨ ᠼᠢᠶᠠᠨᠢᠳᠢᠨ | ᠭᠠᠷᠭᠠᠨ ᠠᠪᠬᠤ ᠳᠤᠮᠳᠠ ᠲᠤᠷᠰᠢᠯᠲᠠ ᠶᠢᠨ ᠦᠢᠯᠡᠳᠪᠦᠷᠢᠯᠡᠯ ᠤᠨ ᠱᠤᠭᠤᠮ᠂ ᠮᠢᠺᠷᠣᠪ ᠤᠨ ᠪᠠᠶᠢᠴᠠᠭᠠᠨ ᠰᠢᠯᠭᠠᠬᠤ | ᠲᠥᠪ᠂ ᠹᠢᠽᠢᠺ ᠬᠢᠮᠢ ᠶᠢᠨ ᠪᠠᠶᠢᠴᠠᠭᠠᠨ ᠰᠢᠯᠭᠠᠬᠤ ᠲᠥᠪ᠂ ᠮᠣᠯᠧᠺᠦ᠋ᠯ ᠤᠨ ᠠᠮᠢᠳᠤ ᠪᠣᠳᠠᠰ ᠤᠨ ᠰᠤᠳᠤᠯᠤᠯ ᠤᠨ | ᠪᠠᠶᠢᠴᠠᠭᠠᠨ ᠰᠢᠯᠭᠠᠬᠤ ᠲᠥᠪ ᠵᠡᠷᠭᠡ ᠪᠣᠳᠠᠲᠠᠢ ᠪᠣᠯᠪᠠᠰᠤᠷᠠᠯ ᠤᠨ ᠲᠤᠷᠰᠢᠯᠲᠠ ᠶᠢᠨ ᠰᠠᠭᠤᠷᠢᠨ ᠭᠠᠵᠠᠷ ᠲᠤ | ᠲᠦᠰᠢᠭᠯᠡᠨ᠂ ᠮᠡᠷᠭᠡᠵᠢᠯ ᠤᠨ ᠳᠠᠭᠠᠭᠤᠯᠤᠭᠴᠢ᠂ ᠭᠤᠣᠯᠯᠠᠭᠴᠢ ᠰᠤᠳᠤᠯᠭᠠᠨ ᠤ ᠠᠵᠢᠯᠲᠠᠨ᠂ ᠬᠠᠮᠢᠶᠠᠷᠤᠯᠲᠠ ᠶᠢᠨ | ᠠᠵᠢᠯᠲᠠᠨ ᠢᠶᠠᠷ ᠪᠦᠷᠢᠯᠳᠦᠭᠰᠡᠨ 35 ᠪᠠᠭᠰᠢ ᠪᠠᠷ ᠪᠦᠷᠢᠯᠳᠦᠭᠰᠡᠨ ᠰᠤᠳᠤᠯᠭᠠᠨ ᠤ ᠪᠦᠯᠬᠦᠮ ᠤᠨ ᠳᠣᠲᠣᠷ᠎ᠠ 12 ᠨᠢ | ᠳ᠋ᠣᠺᠲ᠋ᠣᠷ ᠴᠣᠯᠠ ᠲᠠᠢ᠂ 15 ᠨᠢ ᠮᠠᠰᠲ᠋ᠧᠷ ᠴᠣᠯᠠ ᠲᠠᠢ᠃ ᠪᠦᠯᠬᠦᠮ ᠨᠡᠶᠢᠲᠡ ᠶᠢᠨ ᠪᠦᠷᠢᠯᠳᠦᠭᠦᠨ ᠨᠠᠷ ᠼᠢᠶᠠᠨᠢᠳᠢᠨ | ᠢ ᠭᠠᠷᠭᠠᠨ ᠠᠪᠬᠤ᠂ ᠴᠡᠪᠡᠷᠰᠢᠭᠦᠯᠬᠦ ᠬᠤᠯᠪᠤᠭᠳᠠᠯ ᠪᠦᠬᠦᠢ ᠡᠷᠳᠡᠮ ᠰᠢᠨᠵᠢᠯᠡᠭᠡᠨ ᠤ ᠰᠤᠳᠤᠯᠭᠠᠨ᠂ ᠲᠥᠷᠥᠯ | ᠵᠦᠢᠯ ᠤᠨ ᠬᠠᠮᠢᠶᠠᠷᠤᠯᠲᠠ ᠵᠢᠴᠢ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ | ᠠᠵᠢᠯ ᠢ ᠬᠠᠮᠲᠤᠪᠠᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠵᠢᠴᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠨ᠎ᠡ᠃ |