ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠨᠡᠮᠡᠭᠳᠡᠨ ᠦᠷ᠎ᠡ ᠪᠦᠲᠦᠮᠵᠢ ᠳᠡᠭᠡᠭᠰᠢᠯᠡᠨ ᠪᠡᠯᠡ ᠣᠷᠣᠭᠤᠯᠤᠯᠲᠠ ᠲᠤᠭᠲᠠᠭᠤᠨ ᠬᠥᠳᠡᠯᠭᠡᠬᠦ ᠬᠦᠴᠦᠨ ᠢᠳᠡ ᠬᠦᠴᠦᠳᠡᠢ︾ ᠪᠠᠶᠢᠨ᠎ᠠ
ᠨᠡᠶᠢᠲᠡᠯᠡᠭᠰᠡᠨ ᠴᠠᠭ᠄
2023/10/26
     ︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠠᠴᠠ ᠨᠠᠰᠢ᠂ ᠮᠠᠨ ᠤ ᠬᠤᠲᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠣᠷᠣᠨ ᠤ ᠲᠥᠪ ᠢ ᠬᠦᠴᠦᠷᠬᠡᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠠᠳᠬᠤᠬᠤ ᠶᠢ ︽ᠲᠡᠷᠢᠭᠦᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠣᠨ ᠤ ︽1100 ᠠᠴᠠ ᠳᠡᠭᠡᠭᠰᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 1200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠬᠦ︾ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠷᠳᠤᠴᠠ ᠨᠡᠮᠡᠭᠳᠡᠨ ᠦᠷ᠎ᠡ ᠪᠦᠲᠦᠮᠵᠢ ᠳᠡᠭᠡᠭᠰᠢᠯᠡᠨ ᠪᠡᠯᠡ ᠣᠷᠣᠭᠤᠯᠤᠯᠲᠠ ᠲᠤᠭᠲᠠᠭᠤᠨ ᠬᠥᠳᠡᠯᠭᠡᠬᠦ ᠬᠦᠴᠦᠨ ᠢᠳᠡ ᠬᠦᠴᠦᠳᠡᠢ︾ ᠣᠨᠴᠠᠯᠢᠭ ᠢᠯᠡᠷᠡᠵᠡᠢ᠃      ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠢᠶᠠᠷ ᠲᠦᠯᠬᠢᠨ ᠠᠬᠢᠭᠤᠯᠪᠠ᠃ ᠮᠠᠨ ᠤ ᠬᠤᠲᠠ ᠭᠤᠣᠯᠳᠠᠯᠭ᠎ᠠ ᠲᠠᠢ ᠲᠥᠷᠥᠯ ᠵᠦᠢᠯ ᠤᠨ ︽ᠬᠤᠣᠰ ᠮᠢᠩᠭᠠᠨ ᠤ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠠᠳᠬᠤᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠂ ᠪᠥᠬᠦ ᠬᠤᠲᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠷᠥᠯ ᠵᠦᠢᠯ ᠢ ᠠᠳᠬᠤᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠨᠢᠭᠡᠨᠲᠡ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠭᠤᠣᠯᠳᠠᠯᠭ᠎ᠠ ᠲᠠᠢ ᠲᠥᠷᠥᠯ ᠵᠦᠢᠯ 1100 ᠪᠣᠯᠵᠤ᠂ 1092 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 132 ᠳ᠋ᠦᠩᠰᠢᠭᠤᠷ ᠲᠥᠭᠦᠷᠢᠭ ᠨᠡᠮᠡᠭᠳᠡᠨ᠂ ᠣᠨ ᠤ ᠲᠥᠯᠥᠪᠯᠡᠭᠡ ᠶᠢᠨ 90%  ᠠᠴᠠ ᠳᠡᠭᠡᠭᠰᠢᠬᠢ ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠪᠦᠲᠦᠮᠵᠢᠲᠡᠶ ᠳᠠᠶᠢᠴᠢᠯᠠᠪᠠ᠃ ᠡᠭᠦᠨ ᠳᠤ᠂ 519 ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠶᠡᠭᠡ ᠲᠥᠷᠥᠯ ᠵᠦᠢᠯ ᠢ ᠲᠦᠷᠭᠡᠨ ᠠᠬᠢᠭᠤᠯᠵᠤ᠂ 987 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠠᠬᠢᠴᠠ 95% ᠳᠤ ᠬᠦᠷᠴᠦ᠂ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠣᠳᠣᠬᠠᠨ ᠳᠤ᠂ ᠢᠯᠢ ᠶᠢᠨ ᠪᠢᠰᠢᠯᠠᠭ᠂ ᠬᠤᠸᠠ ᠶᠣᠣ ᠭᠡᠷᠡᠯ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠵᠦᠩ ᠯᠢ ᠶᠢᠨ ᠬᠤᠶᠠᠳᠤᠭᠠᠷ ᠬᠤᠭᠤᠴᠠᠭ᠎ᠠ ᠵᠡᠷᠭᠡ 64 ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ︔ ᠭᠤᠷᠪᠠᠳᠤᠭᠠᠷ ᠲᠣᠭᠤᠷᠢᠯ ᠵᠠᠮ ᠤᠨ  ᠬᠤᠷᠳᠤᠨ ᠤ ᠵᠠᠮ᠂  ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠠᠭᠤᠳᠠᠮ ᠲᠠᠯᠠᠪᠠᠢ ᠵᠢᠴᠢ ᠨᠢᠭᠡ ᠪᠦᠯᠦᠭ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ 215 ᠭᠤᠣᠯᠳᠠᠯᠭ᠎ᠠ ᠲᠠᠢ ᠢᠨᠵᠧᠨᠧᠷᠢᠩ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠪᠠ᠃      ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠪᠡ᠃ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠬᠢᠷᠠᠭᠤᠯᠤᠨ ᠬᠢᠨᠠᠨ ᠵᠢᠯᠤᠭᠤᠳᠬᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠬᠥᠮᠥᠷᠭᠡ ᠳᠤ ᠣᠷᠣᠭᠤᠯᠵᠤ ᠪᠦᠷᠢᠳᠭᠡᠯ ᠳᠤ ᠣᠷᠤᠭᠤᠯᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠥᠬᠦ ᠵᠢᠯ ᠤᠨ ᠬᠠᠷᠠᠯᠲᠠ ᠪᠠᠨ ᠲᠣᠭᠲᠠᠭᠠᠵᠤ᠂ ᠰᠠᠷ᠎ᠠ ᠳᠠᠷᠠᠭᠠᠯᠠᠨ ᠨᠠᠷᠢᠯᠢᠭᠵᠢᠭᠤᠯᠤᠨ ᠪᠣᠭᠤᠮᠲᠠ ᠰᠢᠪᠲᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠠᠭ ᠲᠤᠬᠠᠢ ᠳᠤᠨᠢ  ᠪᠦᠷᠢᠳᠭᠡᠯ ᠳᠤ ᠣᠷᠤᠭᠤᠯᠬᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃1-9 ᠳ᠋ᠤᠭᠡᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 32.5% ᠪᠠᠷ ᠨᠡᠮᠡᠭᠳᠡᠨ᠂ ᠵᠢᠯ ᠤᠨ ᠡᠬᠢᠨ ᠤ ᠬᠠᠷᠠᠯᠲᠠ ᠠᠴᠠ 22.5 ᠵᠠᠭᠤᠨ ᠤ ᠨᠢᠭᠡᠴᠢ ᠳᠠᠪᠠᠵᠤ᠂ 9 ᠰᠠᠷ᠎ᠠ ᠳᠠᠷᠠᠭᠠᠯᠠᠨ 30% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠪᠥᠬᠦ ᠤᠯᠤᠰ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠡᠷᠴᠢᠳᠡᠢ ᠪᠠᠶᠢᠨ᠎ᠠ᠃ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠦᠷᠢᠶ᠎ᠡ ᠠᠴᠠ ᠦᠵᠡᠪᠡᠯ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ ᠰᠢᠨ᠎ᠡ ᠨᠢᠰᠬᠡᠯ ᠤᠨ ᠪᠠᠭᠤᠳᠠᠯ᠂ S43 ᠨᠢᠰᠬᠡᠯ ᠤᠨ ᠪᠠᠭᠤᠳᠠᠯ ‍ᠤᠨ‌ᠬᠤᠷᠳᠤᠨ ᠤ ᠵᠠᠮ᠂ ᠳ᠋ᠠ ᠲᠠᠩ ᠤᠨ ᠤᠷᠲᠤ ᠬᠤᠭᠤᠯᠠᠢ ᠪᠠᠷ ᠢᠯᠴᠢ ᠬᠠᠩᠭᠠᠬᠤ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠳᠣᠣᠷ᠎ᠠ᠂ ᠠᠳᠠᠯᠢ ᠬᠤᠭᠤᠴᠠᠭᠠᠨ ᠤ ᠬᠢ ᠠᠴᠠ 60.9% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠥᠷᠭᠡᠳᠴᠦ᠂ ᠠᠳᠠᠯᠢ ᠬᠤᠭᠤᠴᠠᠭᠠᠨ ᠤ ᠬᠢ ᠠᠴᠠ 92 .2% ᠢᠶᠠᠷ ᠨᠡᠮᠡᠭᠳᠡᠵᠦ᠂ ᠰᠢᠨ ᠬᠤᠸᠠᠨ ᠤ ᠮᠥᠬᠦᠯᠢᠭᠲᠦ ᠴᠠᠬᠢᠭᠤᠷ᠂ ᠰᠢᠨ ᠬᠤᠸᠠ ᠶᠢᠨ ᠤᠯᠠᠨ ᠲᠠᠯᠠᠰᠲᠤ ᠴᠠᠬᠢᠭᠤᠷ᠂ ᠲᠢᠶᠠᠨ ᠬᠤᠤ ᠰᠢᠷᠬᠡᠭ ᠵᠡᠷᠭᠡ ᠠᠵᠤ ᠦᠢᠯᠡᠰ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠷᠬᠡᠢ ᠪᠠᠶᠢᠵᠤ᠂ ᠪᠦᠬᠦ ᠬᠤᠳᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 73% ᠲᠤ ᠬᠦᠷᠴᠡᠢ᠃      ᠬᠥᠭᠵᠢᠯᠲᠡ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠪᠠ᠃ ᠣᠳᠣᠬᠠᠨ ᠳᠤ᠂ ᠶᠠᠭ ᠰᠠᠶᠢᠬᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭᠠᠨ ᠳᠤ ᠪᠠᠶᠢᠵᠤ᠂ ᠮᠠᠨ ᠤ ᠬᠤᠲᠠ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠲᠦᠷᠭᠡᠪᠴᠢᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ ᠪᠠᠶᠢᠨ᠎ᠠ᠃ ᠬᠤᠸᠠ ᠸᠧᠢ ᠶᠢᠨ ᠡᠭᠦᠯᠡᠨ ᠳ᠋ᠠᠶᠢᠲ᠋ᠠ ᠶᠢᠨ ᠲᠥᠪ᠂ ᠰᠢᠦᠢ ᠶᠠᠩ ᠤᠨ ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠳ᠋ᠠ ᠮᠢᠩ ᠭᠤᠸᠠᠩ ᠹᠦ᠋ ᠤᠨ ᠰᠢᠨ᠎ᠡ ᠡᠨᠧᠷᠭᠢ᠂ ᠵᠦᠩ ᠺᠧ ᠾᠧ ᠬᠤᠸᠠ ᠶᠢᠨ ᠣᠶᠤᠨᠲᠤ ᠦᠢᠯᠡᠳᠬᠡᠯ᠂ ᠱᠤᠸᠠᠩ ᠴᠢ ᠠᠮᠢᠳᠤ ᠪᠣᠳᠠᠰ ᠤᠨ ᠠᠵᠤ ᠦᠢᠯᠡᠰ ᠤᠨ ᠬᠦᠷᠢᠶᠡᠯᠡᠩ᠂ ᠮᠢᠩ ᠫᠢᠨ ᠹᠦ᠋ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠰᠢᠨ᠎ᠡ ᠬᠤᠳᠠ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠵᠡᠷᠭᠡ ᠨᠢᠭᠡ ᠪᠦᠯᠦᠭ ᠰᠢᠨ᠎ᠡ ᠲᠦᠷᠦᠯ ᠵᠦᠢᠯ ᠤᠨ ᠪᠠᠷᠢᠯᠭ᠎ᠠ ᠶᠢ ᠶᠠᠭᠠᠷᠠᠯᠲᠠᠢ ᠡᠬᠢᠯᠡᠭᠦᠯᠪᠡ︔ ᠠᠲ᠋ᠧᠰ ᠤᠨ ᠰᠢᠨ᠎ᠡ ᠡᠨᠧᠷᠭᠢ᠂ ᠭᠠᠨ ᠹᠧᠩ ᠯᠢᠲ᠋ᠢ ᠶᠢᠨ ᠦᠢᠯᠡᠰ᠂ ᠭᠤᠤ ᠳ᠋ᠧᠩ ᠰᠠᠢ ᠦᠢᠯᠡᠳᠬᠦ ᠦᠢᠯᠡᠰ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠪᠦᠬᠦ ᠲᠠᠯ᠎ᠠ ᠪᠠᠷ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠵᠤᠵᠠᠭᠠᠳᠬᠠᠵᠤ᠂ ᠪᠠᠲᠤ ᠪᠠᠬᠢ ᠰᠠᠭᠤᠷᠢ ᠲᠠᠯᠪᠢᠵᠤ ᠥᠭᠴᠡᠢ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠪᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1