ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ | ᠲᠦᠪᠰᠢᠨ ᠪᠦᠬᠦᠢ ᠠᠮᠤᠷ ᠲᠦᠪᠰᠢᠨ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ | ᠪᠣᠣ ᠭᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ | ᠣᠷᠣᠯᠴᠠᠵᠠᠢ | 10 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ | ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠭᠡᠰᠢᠭᠦᠳ ︽ᠠᠮᠢ ᠨᠠᠰᠤ ᠠᠯᠢᠪᠠ ᠠᠴᠠ ᠡᠷᠬᠢᠮ︱ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾ | ᠭᠡᠬᠦ ᠲᠤᠰᠬᠠᠢ ᠰᠡᠳᠦᠪᠲᠦ ᠹᠢᠯᠢᠮ ᠢ ᠦᠵᠡᠪᠡ᠃ ᠯᠢᠦ ᠵᠢᠢ ᠶᠢᠩ᠂ ᠸᠠᠩ ᠳ᠋ᠦᠩ ᠱᠧᠩ᠂ ᠬᠠᠢ ᠶᠢᠩ ᠵᠡᠷᠭᠡ | ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ | ᠪᠣᠣ ᠭᠠᠩ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ | ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ | ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠠᠶᠤᠯᠭᠦᠢ ᠦᠢᠯᠡᠳᠪᠦᠷᠢᠯᠡᠯ ᠤᠨ ᠲᠤᠬᠠᠢ ᠠᠯᠢ ᠤᠯᠠᠨ ᠴᠢᠬᠤᠯᠠ | ᠥᠭᠦᠯᠡᠯᠲᠡ ᠬᠢᠵᠦ᠂ ᠰᠢᠨ᠎ᠡ ᠴᠠᠭ ᠦᠶ᠎ᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ | ᠣᠶᠢᠯᠠᠭᠠᠭᠳᠠᠬᠤᠨ᠂ ᠵᠠᠷᠴᠢᠮ᠂ ᠠᠷᠭ᠎ᠠ᠂ ᠵᠠᠮ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ | ᠥᠭᠦᠯᠡᠵᠡᠢ᠃ᠪᠢᠳᠡ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠥᠨᠳᠥᠷᠴᠡ ᠳᠤ ᠵᠣᠭᠰᠣᠵᠤ᠂ ᠠᠶᠤᠯᠭᠦᠢ | ᠦᠢᠯᠡᠳᠪᠦᠷᠢᠯᠡᠯ ᠨᠢ ᠤᠯᠠᠭᠠᠨ ᠱᠤᠭᠤᠮ᠂ ᠬᠤᠷᠢᠭ᠎ᠠ ᠱᠤᠭᠤᠮ ᠪᠣᠯᠬᠤ ᠪᠠᠷ ᠪᠠᠷᠠᠬᠤ ᠦᠭᠡᠢ ᠨᠡᠩ ᠴᠤ ᠡᠷᠬᠡᠪᠰᠢ | ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠬᠤ ᠶᠢ ᠭᠦᠢᠴᠡᠳ ᠲᠠᠨᠢᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ ᠂ ᠤᠯᠤᠰ ᠲᠦᠷᠦ ᠶᠢᠨ ᠳᠠᠩᠰᠠ᠂ | ᠠᠷᠠᠳ ᠤᠨ ᠠᠮᠢᠳᠤᠷᠠᠯ ᠤᠨ ᠳᠠᠩᠰᠠ᠂ ᠠᠵᠤ ᠠᠬᠤᠢ ᠶᠢᠨ ᠳᠠᠩᠰᠠ ᠶᠢ ᠲᠣᠳᠣᠷᠬᠠᠢ ᠪᠤᠳᠤᠵᠤ᠂ ᠬᠥᠭᠵᠢᠯᠲᠡ ᠪᠣᠯᠣᠨ | ᠠᠮᠤᠷ ᠲᠦᠪᠰᠢᠨ ᠤ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠠᠳᠡᠯ ᠤᠨ ᠬᠡᠮ ᠰᠣᠭᠤᠭ ᠢ ᠡᠷᠡᠰ ᠴᠡᠭᠴᠡᠯᠡᠨ | ᠰᠠᠶᠢᠵᠢᠷᠠᠭᠤᠯᠵᠤ᠂ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠬᠢᠨᠠᠨ ᠵᠢᠯᠤᠭᠤᠳᠬᠤ᠂ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠦᠨᠡᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠯ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠱᠠᠲᠤᠨ ᠤ ᠨᠢᠭᠡᠳᠦᠯᠲᠡᠢ ᠲᠣᠬᠢᠷᠠᠭᠤᠯᠤᠯᠲᠠ ᠪᠠ ᠬᠤᠰᠢᠭᠤ | ᠰᠢᠶᠠᠨ ᠤ ᠬᠤᠭᠤᠷᠣᠨᠳᠣᠬᠢ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ︽ᠣᠶᠤᠨᠴᠢ | ᠬᠢᠨᠠᠯᠲᠠ ᠬᠠᠮᠢᠶᠠᠷᠤᠯᠲᠠ︾ ᠶᠢ ᠢᠳᠡᠪᠬᠢᠲᠡᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ | ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠴᠤᠭᠭᠠᠷ ᠠᠳᠬᠤᠵᠤ ᠬᠠᠮᠲᠤ ᠪᠠᠷ | ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ | ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠬᠥᠭᠵᠢᠭᠦᠯᠬᠦ ᠤᠯᠠᠭᠠᠨ ᠱᠤᠭᠤᠮ ᠤᠨ | ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠦᠨᠡᠨᠬᠦ ᠪᠠᠲᠤ ᠪᠠᠬᠢ ᠪᠣᠶ ᠪᠣᠯᠭᠠᠵᠤ᠂ ᠣᠷᠣᠨ ᠤ ᠲᠥᠪ ᠤᠨ | ᠴᠢᠨᠠᠷ ᠰᠠᠶᠢᠲᠠᠢ ᠬᠥᠭᠵᠢᠯᠲᠡ ᠬᠢᠭᠡᠳ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︵ᠯᠢ ᠬᠠᠢ ᠵᠧᠨ︶ | | |