ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠲᠦᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠭᠡᠬᠦ᠂ ᠭᠤᠣᠯ ᠰᠡᠳᠦᠪᠲᠦ ᠬᠥᠮᠦᠵᠢᠯ᠂ ᠠᠵᠤ ᠠᠬᠤᠢ ᠶᠢᠨ ᠠᠵᠢᠯᠯᠠᠭᠠᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/10/26
                ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 10 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠲᠦᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ ᠢᠯᠡᠳᠬᠡᠯ ᠤᠨ ᠵᠣᠷᠢᠭ ᠰᠠᠨᠠᠭ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ  ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠲᠦᠷᠦᠭᠦᠦ ᠭᠤᠷᠪᠠᠨ ᠤᠯᠠᠷᠢᠯ ᠤᠨ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠤ ᠠᠬᠤᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠣᠣ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠬᠤᠲᠠ ᠪᠣᠯᠤᠭᠰᠠᠨ ᠤ ᠬᠤᠪᠢ ᠳᠤ᠂ ᠣᠷᠣᠨ ᠤ ᠲᠥᠪ ᠨᠢ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠪᠠᠨ  ᠢᠶᠠᠨ ᠴᠢᠨᠠᠭᠰᠢᠳᠠ ᠴᠢᠩᠭᠠᠳᠬᠠᠵᠤ᠂ ᠨᠠᠢᠮᠠᠨ ᠵᠦᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠲᠥᠯᠦᠪᠵᠢᠭᠦᠯᠭᠡ︾ ᠶᠢᠨ ᠣᠷᠣᠨ ᠤ ᠲᠥᠪ ᠤᠨ ᠬᠥᠭᠵᠢᠯᠲᠡ ᠳᠤ ᠬᠦᠴᠦᠨ ᠨᠡᠮᠡᠷᠢᠯᠡᠬᠦ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ ᠲᠦᠷᠭᠡᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠢ ᠬᠠᠮᠵᠢᠯᠴᠠᠵᠤ ᠪᠠᠶᠢᠭᠠᠳ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠠᠶᠢᠭᠤᠯᠬᠤ ᠪᠠᠷ ᠴᠢᠷᠮᠠᠶᠢᠵᠤ  ᠣᠷᠣᠨ ᠤ ᠲᠥᠪ ᠤᠨ ᠭᠠᠳᠠᠭᠠᠳᠤ ᠨᠡᠭᠡᠭᠡᠯᠲᠡ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠡᠷᠢᠯᠬᠢᠯᠡᠬᠦ ᠬᠡᠷᠡᠭᠲᠡᠢ᠃ ᠤᠯᠠᠨ ᠤᠯᠤᠰ ᠤᠨ ᠬᠠᠷᠠᠭᠠᠰᠤ ᠠᠴᠠ ᠭᠠᠳᠠᠭᠠᠳᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ᠂ ︽ᠨᠢᠭᠡ ᠪᠦᠰᠡ ᠨᠢᠭᠡ ᠵᠠᠮ︾ ᠤᠨ ᠪᠣᠬᠢᠷᠲᠤᠯ ᠦᠭᠡᠢ ᠰᠢᠨ᠎ᠡ ᠶᠢ ᠡᠭᠦᠳᠬᠦ ᠶᠡᠭᠡ ᠬᠤᠷᠠᠯ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠵᠡᠷᠭᠡ ᠲᠠᠪᠴᠠᠩ ᠢ ᠰᠠᠶᠢᠲᠤᠷ ᠠᠰᠢᠭᠯᠠᠵᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠠᠨ ᠨᠢᠭᠲᠠᠷᠠᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠶᠡᠬᠡᠪᠡᠷ ᠬᠥᠭᠵᠢᠭᠦᠯᠵᠦ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠬᠥᠬᠡᠬᠤᠲᠠ ᠶᠢᠨ ᠤᠯᠠᠨ ᠤᠯᠤᠰ ᠤᠨ ᠱᠤᠭᠤᠮᠠᠯ ᠤᠨ ᠶᠠᠷᠢᠶᠠᠨ ᠤ ᠲᠠᠪᠴᠠᠩ᠂ ᠤᠯᠠᠨ ᠤᠯᠤᠰ ᠤᠨ ᠱᠤᠭᠤᠮᠠᠯ ᠤᠨ ᠪᠦᠲᠦᠭᠡᠯ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠵᠠᠮ ᠳᠠᠭᠠᠤ ᠶᠢᠨ ᠤᠯᠤᠰ ᠯᠤᠭ᠎ᠠ ᠶᠢᠨ ᠰᠣᠶᠣᠯ᠂ ᠵᠤᠭᠠᠴᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ  ᠥᠷᠭᠡᠳᠭᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠥᠷᠭᠡᠨ ᠤᠯᠠᠨ ᠠᠵᠢᠯᠲᠠᠨ ᠠᠵᠢᠯᠴᠢᠨ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠨᠢ ᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠪᠥᠬᠦ ᠬᠤᠲᠠ ᠶᠢᠨ ᠭᠤᠣᠯ ᠠᠵᠢᠯ ᠤᠨ ᠲᠣᠭᠤᠷᠢᠨ ᠳᠤ᠂ ᠣᠷᠣᠨ ᠤ ᠲᠥᠪ ᠤᠨ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠭᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤᠮᠳᠠ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠦᠬᠦ ᠬᠤᠳᠠ ᠶᠢᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠭᠠᠵᠠᠷ ᠡᠯ᠎ᠡ ᠨᠢᠭᠡᠴᠡ ᠨᠠᠷᠢᠨ ᠨᠢᠮᠪᠠᠢ ᠲᠥᠯᠥᠪᠵᠢᠭᠦᠯᠵᠦ᠂ ᠨᠠᠷᠢᠨ ᠨᠢᠭᠲᠠ ᠪᠠᠶᠢᠷᠢᠯᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠡᠬᠢᠯᠡᠯᠲᠡ ᠤᠷᠤᠭᠰᠢᠲᠠᠢ ᠶᠠᠪᠤᠭᠳᠠᠵᠤ᠂ ᠪᠠᠶᠢᠳᠠᠯ ᠰᠠᠶᠢᠨ ᠪᠠᠶᠢᠨ᠎ᠠ᠃ ᠭᠤᠣᠯ ᠰᠡᠳᠦᠪᠲᠦ ᠬᠥᠮᠦᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠤᠨᠤᠯ ᠤᠨ ᠰᠤᠷᠤᠯᠴᠠᠯᠭ᠎ᠠ ᠶᠢ  ᠲᠤᠵᠢ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ︽ᠪᠣᠳᠠᠲᠠᠢ ᠠᠵᠢᠯᠯᠠᠬᠤ︾ ᠱᠠᠭᠠᠷᠳᠠᠯᠭ᠎ᠠ ᠶᠢ ᠲᠤᠪᠤᠶᠢᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠂ ᠪᠣᠳᠠᠲᠠᠢ ᠠᠵᠢᠯ ᠬᠢᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ   ᠬᠠᠷᠠᠯᠲᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠦᠢᠯᠡᠰ ᠢ ᠶᠡᠬᠡᠪᠡᠷ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠶᠡᠬᠡᠪᠡᠷ ᠠᠳᠬᠤᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠶᠡᠬᠡᠪᠡᠷ ᠠᠳᠬᠤᠬᠤ ᠲᠣᠭᠲᠠᠯ ᠬᠦᠴᠦᠨ ᠢ ᠪᠠᠲᠤᠯᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠬᠤ ᠬᠡᠷᠡᠭᠲᠡᠢ᠃ ᠵᠥᠷᠢᠶ᠎ᠡ ᠪᠠᠨ ᠲᠣᠳᠣᠷᠬᠠᠢ ᠲᠠᠨᠢᠵᠤ᠂ ᠬᠥᠨᠳᠡᠯᠡᠨ ᠴᠢᠭᠯᠡᠯ ᠢᠶᠠᠷ ᠬᠦᠷᠦᠯᠴᠡᠬᠦ ᠦᠭᠡᠢ ᠲᠠᠯ᠎ᠠ ᠪᠠᠨ ᠠᠳᠠᠯᠢᠳᠬᠠᠵᠤ᠂ ᠭᠤᠯᠳᠤ ᠴᠢᠭᠯᠡᠯ ᠢᠶᠠᠷ ᠵᠥᠷᠢᠶ᠎ᠡ ᠪᠠᠨ ᠡᠷᠢᠵᠦ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠷᠠᠯᠲᠠ ᠪᠠᠨ ᠲᠣᠭᠲᠠᠭᠠᠵᠤ ᠰᠢᠪᠲᠤᠯᠤᠯᠲᠠ ᠬᠢᠵᠦ ᠤᠷᠤᠭᠰᠢ ᠳᠠᠪᠰᠢᠬᠤ ᠬᠡᠷᠡᠭᠲᠡᠢ᠃ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠣᠷᠣᠨ ᠤ ᠲᠥᠪ᠂ ᠲᠡᠦᠬᠡ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠭᠰᠡᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠪᠣᠯᠣᠨ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠵᠢᠴᠢ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠭᠡᠭᠵᠢᠬᠦᠯᠬᠦ︾ ᠢᠨᠵᠧᠨᠧᠷᠢᠩ ᠵᠡᠷᠭᠡ ᠤᠯᠠᠨ ᠳᠠᠪᠬᠤᠷᠭ᠎ᠠ ᠪᠠᠷ ᠳᠠᠪᠬᠤᠴᠠᠭᠰᠠᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠬᠥᠭᠵᠢᠯᠲᠡ ᠶᠢᠨ ᠬᠠᠷᠢᠴᠠᠭᠤᠯᠤᠭᠰᠠᠨ ᠳᠠᠪᠠᠭᠤᠯᠢᠭ ᠪᠣᠯᠣᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠠᠬᠢ ᠬᠥᠳᠡᠯᠭᠡᠭᠦᠷ ᠤᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠬᠡᠷᠡᠭᠯᠡᠭᠡ ᠶᠢ ᠬᠥᠭᠵᠢᠭᠡᠨ ᠥᠷᠭᠡᠳᠬᠡᠵᠦ᠂ ᠬᠡᠷᠡᠭᠯᠡᠭᠡ ᠶᠢᠨ ᠬᠠᠯᠠᠮᠰᠢᠯ ᠴᠡᠭ ᠢ ᠠᠳᠬᠤᠵᠤ᠂ ᠪᠣᠷᠤᠯᠠᠭᠤᠯᠭ᠎ᠠ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠡᠷᠡᠭᠯᠡᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠯᠠᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠬᠦ ᠬᠡᠷᠡᠭᠲᠡᠢ᠃  ᠴᠠᠭ ᠮᠦᠴᠡ ᠲᠠᠢ ᠤᠷᠤᠯᠳᠤᠨ‌ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠤᠯᠤᠰ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠣᠷᠣᠨ ᠤ ᠲᠥᠪ ᠤᠨ ᠨᠡᠩ ᠶᠡᠭᠡ ᠬᠤᠪᠢ ᠨᠡᠮᠡᠷᠢ ᠶᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1