ᠴᠢᠩ ᠱᠦᠢ ᠾᠧ ᠰᠢᠶᠠᠨ᠄ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2023/10/30
      10 ᠳ᠋ᠤᠭᠠᠷ ᠰᠠᠷ᠎ᠠ ᠶᠢᠨ 24  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠧᠨ ᠬᠤᠷᠴᠠ ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ᠂ ᠠᠶᠤᠯᠭᠦᠢ ᠦᠢᠯᠡᠳᠪᠦᠷᠢᠯᠡᠯ ᠵᠢᠴᠢ ᠭᠠᠯ ᠰᠡᠷᠭᠡᠶᠢᠯᠡᠬᠦ ᠬᠠᠮᠢᠶ᠎ᠠ ᠪᠦᠬᠦᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃      ᠴᠧᠨ ᠬᠤᠷᠴᠠ ᠴᠢᠬᠤᠯᠠᠴᠢᠯᠠᠬᠤ ᠳᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠥᠨ᠂ ᠠᠵᠤ ᠠᠬᠤᠶᠢᠯᠠᠯ ᠤᠳ ᠮᠡᠷᠭᠡᠵᠢᠯ ᠤᠨ ᠬᠤᠰᠢᠭᠤᠷᠠᠯ ᠢ ᠣᠨᠢᠯᠠᠵᠤ᠂ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠭᠤᠣᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ᠠᠵᠤ ᠠᠬᠤᠶᠢᠯᠠᠯ ᠤᠨ ᠬᠢᠨ ᠬᠥᠭᠵᠢᠯᠲᠡ ᠪᠣᠯᠣᠨ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠵᠡᠷᠭᠡ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠨᠠᠷᠢᠨ ᠪᠣᠳᠠᠲᠠᠢ ᠠᠳᠬᠤᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃      ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1