︽ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠶᠢᠨ ᠲᠣᠭᠤᠷᠢᠨ ᠳᠤ ᠴᠧᠨ ᠬᠤᠷᠴᠠ ᠪᠦᠬᠦ ᠰᠢᠶᠠᠨ  ᠤ ᠵᠠᠰᠠᠭ  ᠤᠨ ᠣᠷᠳᠣᠨ  ᠤ ᠰᠢᠰᠲ᠋ᠧᠮ  ᠤᠨ ᠺᠠᠳ᠋ᠷ ᠲᠤ ᠲᠤᠰᠬᠠᠢ ᠰᠡᠳᠦᠪᠲᠦ ᠨᠠᠮ  ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/10/30
      10 ᠳ᠋ᠤᠭᠠᠷ ᠰᠠᠷ᠎ᠠ ᠶᠢᠨ 25  ᠤ ᠡᠳᠦᠷ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠶᠢᠨ ᠲᠣᠭᠤᠷᠢᠨ ᠳᠤ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠲᠤ ᠨᠢᠭᠡᠨ ᠤᠳᠠᠭ᠎ᠠ ᠶᠢᠨ ᠠᠮᠢᠳᠤᠯᠢᠭ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠠᠮ ᠴᠢᠨᠠᠭᠰᠢᠳᠠ ᠵᠣᠷᠢᠭ ᠰᠠᠨᠠᠭ᠎ᠠ ᠪᠠᠨ ᠬᠥᠪᠴᠢᠯᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠴᠣ᠋ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ᠂ ᠴᠣ᠋ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠯᠪᠠᠨ ᠭᠡᠷ ᠤᠨ ᠰᠢᠰᠲ᠋ᠧᠮ ᠤᠨ ᠠᠵᠢᠯ ᠤᠨ ᠲᠠᠬᠢᠨ ᠥᠨᠳᠥᠷ ᠲᠦᠪᠰᠢᠨ ᠳᠤ ᠬᠦᠷᠴᠦ᠂ ᠲᠠᠬᠢᠨ ᠰᠢᠯᠢᠳᠡᠭ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠴᠧᠨ ᠬᠤᠷᠴᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ᠴᠧᠨ ᠬᠤᠷᠴᠠ ᠵᠢᠭᠠᠵᠤ ᠭᠠᠷᠭᠠᠭᠰᠠᠨ ᠨᠢ᠂ ᠨᠢᠭᠡ ᠳᠤ᠂ ᠠᠯᠪᠠᠨ ᠭᠡᠷ ᠨᠢ ᠤᠯᠤᠰ ᠲᠥᠷᠥ ᠶᠢᠨ ᠪᠠᠶᠢᠭᠤᠯᠤᠯᠭ᠎ᠠ ᠪᠣᠯᠤᠭᠰᠠᠨ ᠤ ᠬᠤᠪᠢ ᠳᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ᠢᠮᠠᠭᠲᠠ ︽ᠬᠤᠶᠠᠷ ᠢ ᠲᠣᠭᠲᠠᠭᠠᠭᠰᠠᠨ︾ ᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠤᠯᠤᠰ ᠲᠥᠷᠥ ᠶᠢᠨ ᠴᠢᠭᠯᠡᠯ ᠢ ᠰᠠᠶᠢᠲᠤᠷ ᠡᠵᠡᠮᠳᠡᠵᠦ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠨ᠂ ᠵᠥᠪ ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠬᠡᠷᠡᠭᠲᠡᠢ᠃ᠬᠤᠶᠠᠷ ᠲᠤ᠂ ᠠᠯᠪᠠᠯᠠᠬᠤ ᠰᠢᠰᠲ᠋ᠧᠮ ᠤᠨ ᠠᠵᠢᠯᠲᠠᠨ ᠪᠣᠯᠤᠭᠰᠠᠨ ᠤ ᠬᠤᠪᠢ ᠳᠤ᠂ ᠠᠰᠠᠭᠤᠳᠠᠯ ᠢ ᠪᠣᠳᠣᠯᠬᠢᠯᠠᠬᠤ᠂ ᠤᠴᠢᠷ ᠶᠠᠪᠤᠳᠠᠯ ᠪᠦᠲᠦᠭᠡᠬᠦ᠂ ᠰᠠᠨᠠᠭᠤᠯᠭ᠎ᠠ ᠳᠤᠷᠠᠳᠬᠤ ᠳᠠᠭᠠᠨ ᠤᠯᠤᠰ ᠲᠦᠷᠤ᠂ ᠠᠵᠤ ᠠᠬᠤᠢ᠂ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠰᠠᠯᠤᠯ ᠦᠭᠡᠢ ᠲᠠᠭᠠᠵᠤ᠂ ᠲᠤᠰ ᠲᠤᠰ ᠤᠨ ᠠᠵᠢᠯ ᠢᠶᠠᠨ ᠪᠦᠬᠦ ᠰᠢᠶᠠᠨ᠂ ᠪᠦᠬᠦ ᠬᠤᠳᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠶᠡᠭᠡ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠳᠤ ᠴᠠᠭ ᠲᠤᠬᠠᠢ  ᠳᠤᠨᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠮᠥᠷᠲᠡᠭᠡᠨ ᠪᠠᠰᠠ ᠰᠢᠨ᠎ᠡ ᠶᠢ ᠡᠭᠦᠳᠬᠦ ᠰᠡᠳᠬᠢᠬᠦᠢ ᠪᠠ ᠠᠷᠭ᠎ᠠ ᠪᠠᠷ ᠠᠵᠢᠯ ᠢᠶᠠᠨ ᠥᠷᠨᠢᠭᠦᠯᠬᠦ ᠬᠡᠷᠡᠭᠲᠡᠢ᠃ᠭᠤᠷᠪᠠ ᠳᠤ᠂︽ᠳᠡᠯᠡᠬᠡᠢ ᠳ᠋ᠠᠬᠢᠨ ᠤ ᠶᠡᠭᠡ ᠶᠠᠪᠤᠳᠠᠯ ᠢ ᠡᠷᠬᠡᠪᠰᠢ ᠨᠠᠷᠢᠨ ᠨᠢᠮᠪᠠᠢ ᠬᠢᠬᠦ ᠬᠡᠷᠡᠭᠲᠡᠢ︾᠂ ᠠᠯᠪᠠᠨ ᠭᠡᠷ ᠤᠨ ᠠᠵᠢᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ︽ᠴᠢᠩᠭ᠎ᠠ ᠨᠢᠮᠪᠠᠢ ᠪᠣᠳᠠᠲᠠᠢ︾ᠠᠵᠢᠯ ᠤᠨ ᠰᠤᠷᠲᠠᠯ ᠢ ᠡᠯ᠎ᠡ ᠭᠤᠭᠴᠤᠭ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ᠳᠥᠷᠪᠡ ᠳᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠬᠢᠵᠦ ᠦᠢᠯᠡᠰ ᠪᠣᠰᠬᠠᠬᠤ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠺᠠᠳ᠋ᠷ ᠠᠵᠢᠯᠲᠠᠨ ᠠᠵᠢᠯᠴᠢᠨ ᠢ ᠦᠰᠤᠨ ᠳᠠᠪᠰᠢᠭᠤᠯᠵᠤ᠂ ᠶᠡᠭᠡ ᠦᠢᠯᠡᠳᠦᠯ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠭᠠᠬᠤ ᠬᠡᠷᠡᠭᠲᠡᠢ᠃ᠲᠠᠪᠤ ᠳᠤ ᠠᠯᠪᠠᠨ ᠭᠡᠷ ᠪᠣᠯ ︽ᠴᠣᠩᠬᠤ︾ ᠨᠢᠭᠡᠴᠢ ᠮᠥᠨ᠂ ᠺᠠᠳ᠋ᠷ ᠠᠵᠢᠯᠲᠠᠨ ᠠᠵᠢᠯᠴᠢᠨ ᠤ ᠦᠭᠡ ᠶᠠᠷᠢᠶ᠎ᠠ ᠦᠢᠯᠡ ᠠᠵᠢᠯᠯᠠᠭ᠎ᠠ᠂ ᠬᠥᠳᠡᠯᠦᠯ ᠪᠠᠷᠢᠯ ᠨᠢᠭᠡᠪᠦᠷᠢ ᠨᠢ ᠴᠥᠮ ᠨᠢᠭᠡᠴᠢ ᠶᠢᠨ ᠳᠦᠷᠢ ᠲᠥᠷᠬᠦ ᠶᠢ ᠲᠥᠯᠥᠭᠡᠯᠡᠵᠦ ᠪᠠᠶᠢᠳᠠᠭ᠂ ᠡᠶᠢᠮᠦ ᠠᠴᠠ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠣᠯ ᠪᠠᠰᠠ ᠴᠤ ᠬᠠᠮᠤᠭ ᠤᠨ ᠦᠨᠳᠦᠰᠦᠨ ᠱᠠᠭᠠᠷᠳᠠᠯᠭ᠎ᠠ ᠮᠥᠨ ᠭᠡᠵᠡᠢ᠃      ᠴᠧᠨ ᠬᠤᠷᠴᠠ ᠴᠢᠬᠤᠯᠠᠴᠢᠯᠠᠬᠤ ᠳᠠᠭᠠᠨ᠂ ᠠᠯᠪᠠᠨ ᠭᠡᠷ ᠨᠢ ᠥᠪᠡᠷ ᠤᠨ ᠳᠦᠷᠢᠮ ᠰᠢᠰᠲ᠋ᠧᠮ ᠢᠶᠠᠨ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠡᠷᠭᠢᠯᠡᠬᠦ ᠶᠣᠰᠣᠲᠠᠢ ᠶᠢ ᠨᠢ ᠴᠠᠭ ᠲᠤᠬᠠᠢ ᠳᠤᠨᠢ ᠡᠷᠭᠢᠯᠡᠵᠦ᠂ ᠮᠡᠳᠡᠭᠦᠯᠬᠦ ᠶᠣᠰᠣᠲᠠᠢ ᠶᠢ ᠨᠢ ᠴᠠᠭ ᠲᠤᠬᠠᠢ ᠳᠤᠨᠢ ᠮᠡᠳᠡᠭᠦᠯᠵᠦ᠂ ᠵᠣᠬᠢᠴᠠᠭᠤᠯᠬᠤ ᠶᠣᠰᠣᠲᠠᠢ ᠶᠢ ᠨᠢ ᠴᠠᠭ ᠲᠤᠬᠠᠢ ᠳᠤᠨᠢ ᠵᠣᠬᠢᠴᠠᠭᠤᠯᠬᠤ ᠬᠡᠷᠡᠭᠲᠡᠢ᠂ ᠬᠦᠯᠢᠶᠡᠬᠦ ᠬᠡᠷᠡᠭ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠂ ᠳᠠᠷᠤᠵᠤ ᠪᠣᠯᠬᠤ ᠦᠭᠡᠢ᠂ ᠡᠷᠭᠢᠯᠲᠡ ᠶᠢᠨ ᠬᠤᠷᠳᠤᠴᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠠᠯᠪᠠᠨ ᠭᠡᠷ ᠤᠳ ᠡᠩ ᠤᠨ ᠦᠶ᠎ᠡ ᠳᠤ ᠠᠵᠢᠯ ᠤᠨ ᠲᠠᠯ᠎ᠠ ᠪᠠᠷ ᠢᠯᠡᠭᠦᠬᠡᠨ ᠨᠡᠪᠲᠡᠷᠡᠯᠴᠡᠵᠦ᠂ ᠮᠡᠳᠡᠭᠡ ᠵᠠᠩᠭᠢ ᠶᠢᠨ ᠲᠠᠯ᠎ᠠ ᠪᠠᠷ ᠢᠯᠡᠭᠦᠬᠡᠨ ᠡᠳ᠋ᠯᠡᠵᠦ ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠢᠯᠡᠭᠦᠬᠡᠨ ᠶᠠᠪᠤᠯᠴᠠᠵᠤ᠂ ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ ᠥᠨᠳᠥᠷ ᠪᠦᠲᠦᠮᠵᠢᠲᠡᠶ ᠪᠠᠷ ᠬᠠᠮᠵᠢᠯᠴᠠᠨ᠂ ᠲᠦᠷᠭᠡᠨ ᠠᠬᠢᠭᠤᠯᠵᠤ᠂ ᠠᠵᠢᠯ ᠢᠶᠠᠨ ᠠᠬᠢᠭᠤᠯᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ᠡᠯ᠎ᠡ ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠠᠯᠪᠠᠨ ᠭᠡᠷ ᠤᠳ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠠᠳᠬᠤᠨ ᠲᠦᠷᠭᠡᠨ ᠬᠢᠵᠦ᠂ ᠨᠥᠬᠦᠴᠡᠯ ᠢ ᠶᠠᠷᠢᠬᠤ ᠦᠭᠡᠢ᠂ ᠤᠴᠢᠷ ᠰᠢᠯᠲᠠᠭᠠᠨ ᠢ ᠶᠠᠷᠢᠬᠤ ᠦᠭᠡᠢ ᠨᠠᠶᠢᠳᠠᠪᠤᠷᠢᠵᠢᠭᠤᠯᠬᠤ ᠬᠡᠷᠡᠭᠲᠡᠢ᠃ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠮᠡᠳᠡᠭᠦᠯᠦᠭᠰᠡᠨ ᠤᠴᠢᠷ ᠶᠠᠪᠤᠳᠠᠯ ᠢ ᠴᠠᠭ ᠲᠤᠬᠠᠢ ᠳᠤᠨᠢ ᠤᠳᠤᠷᠢᠳᠤᠯᠭ᠎ᠠ ᠳᠤ ᠳᠡᠪᠰᠢᠭᠦᠯᠵᠦ᠂ ᠲᠦᠯᠬᠢᠬᠦ ᠦᠭᠡᠢ ᠤᠳᠠᠭᠠᠰᠢᠷᠠᠭᠤᠯᠬᠤ  ᠦᠭᠡᠢ ᠪᠠᠶᠢᠬᠤ ᠬᠡᠷᠡᠭᠲᠡᠢ︔ ᠤᠳᠤᠷᠢᠳᠤᠯᠭ᠎ᠠ ᠶᠢᠨ ᠴᠣᠬᠤᠯᠠᠪᠤᠷᠢᠯᠠᠭᠰᠠᠨ ᠪᠠ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠴᠢᠷ ᠶᠠᠪᠤᠳᠠᠯ ᠢ ᠴᠢᠩᠭ᠎ᠠ ᠠᠳᠬᠤᠭᠠᠳ ᠲᠠᠯᠪᠢᠬᠤ ᠦᠭᠡᠢ ᠪᠠᠶᠢᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ ᠭᠡᠵᠡᠢ᠃      ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠴᠧᠨ ᠬᠤᠷᠴᠠ ᠪᠠᠰᠠ ᠤᠯᠠᠨ ᠢ ᠤᠭ ᠰᠠᠨᠠᠭ᠎ᠠ ᠪᠠᠨ ᠰᠡᠳᠬᠢᠯ ᠳᠡᠭᠡᠨ ᠬᠠᠳᠠᠩᠰᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠮᠥᠷᠥᠨ ᠳᠡᠭᠡᠷ᠎ᠡ ᠪᠠᠨ ᠡᠭᠦᠷᠭᠡᠯᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠦᠴᠦᠷᠬᠡᠭ ᠰᠢᠶᠠᠨ ᠢ ᠲᠦᠷᠭᠡᠨ ᠪᠦᠲᠦᠭᠡᠨ ᠪᠠᠶᠢᠭᠤᠯᠬᠤ ᠳᠤ ᠡᠮᠦᠨ᠎ᠡ ᠨᠢ ᠶᠠᠪᠤᠵᠤ᠂ ᠬᠤᠰᠢᠭᠤᠴᠢ ᠪᠣᠯᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1