10 ᠳ᠋ᠤᠭᠠᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠵᠡᠮᠳᠡᠭᠴᠦᠳ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠴᠢᠩ ᠱᠦᠢ ᠾᠧ ᠰᠢᠶᠠᠨ ᠳᠤ | ᠶᠠᠪᠤᠭᠳᠠᠪᠠ᠃ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠬᠤ ᠪᠠᠭ ᠵᠢᠴᠢ ᠡᠯ᠎ᠡ ᠶᠠᠮᠤᠨ ᠲᠠᠰᠤᠭ ᠤᠨ | ᠡᠷᠬᠢᠯᠡᠭᠴᠢ᠂ ᠡᠯ᠎ᠡ ᠬᠤᠰᠢᠭᠤ ᠰᠢᠶᠠᠨ ᠲᠣᠭᠤᠷᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ | ᠡᠷᠬᠢᠯᠡᠭᠴᠢᠳ ᠤᠨ ᠳᠡᠳ᠋ ᠳᠠᠷᠤᠭ᠎ᠠ᠂ ᠡᠷᠡᠭᠦᠯᠵᠢᠯ ᠤᠨ ᠬᠡᠯᠲᠡᠰ ᠵᠢᠴᠢ ᠰᠤᠷᠭᠠᠨ ᠬᠥᠮᠦᠵᠢᠯ ᠤᠨ ᠬᠡᠯᠲᠡᠰ ᠤᠨ | ᠡᠷᠬᠢᠯᠡᠭᠴᠢ ᠬᠤᠷᠠᠯ ᠳᠤ ᠣᠷᠣᠯᠴᠠᠪᠠ᠃ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠵᠠᠩ ᠷᠦ ᠭᠠᠩ ᠲᠣᠭᠤᠷᠢᠨ ᠦᠵᠡᠬᠦ ᠳᠤ ᠣᠷᠣᠯᠴᠠᠪᠠ᠃ | | | | | | | | | | | | ᠨᠢᠭᠡ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠴᠢᠩ ᠱᠦᠢ ᠾᠧ ᠰᠢᠶᠠᠨ ᠳᠤ | ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠲᠣᠭᠲᠠᠭᠰᠠᠨ ᠪᠠᠶᠢᠭᠤᠯᠤᠮᠵᠢ ᠪᠣᠯᠬᠤ ᠬᠢᠲᠠᠳ ᠮᠣᠩᠭᠤᠯ ᠡᠮᠨᠡᠯᠭᠡ ᠶᠢᠨ | ᠬᠤᠷᠢᠶᠠᠨ ᠤ ᠡᠷᠡᠭᠦᠯᠵᠢᠯ ᠤᠨ ᠰᠠᠯᠠᠭ᠎ᠠ᠂ ᠯᠠᠮᠠ ᠶᠢᠨ ᠲᠣᠬᠤᠢ ᠪᠠᠯᠭᠠᠰᠤᠨ ᠤ ᠲᠤᠰᠠᠯᠠᠬᠤ ᠴᠢᠨᠠᠷᠲᠠᠢ ᠠᠵᠢᠯ | ᠣᠯᠭᠤᠯᠲᠠ ᠶᠢᠨ ᠪᠠᠶᠢᠭᠤᠯᠤᠮᠵᠢ ᠪᠣᠯᠬᠤ ᠥᠪᠥᠷ ᠮᠣᠩᠭᠤᠯ ᠤᠨ ᠱᠠᠩ ᠶᠠᠩ ᠤᠨ ᠲᠠᠷᠢᠶᠠᠯᠠᠩ ᠤᠢ ᠰᠢᠭᠤᠢ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯᠣᠨ ᠱᠧᠩ ᠴᠢᠤᠸᠠᠨ | ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠵᠢᠴᠢ ᠴᠢᠩ ᠱᠦᠢ ᠾᠧ ᠰᠢᠶᠠᠨ ᠤ ᠵᠡᠮᠳᠡᠭᠴᠦᠳ ᠤᠨ ᠭᠡᠷ ᠢ | ᠲᠣᠭᠤᠷᠢᠨ ᠦᠵᠡᠪᠡ᠃ᠴᠢᠩ ᠱᠦᠢ ᠾᠧ ᠰᠢᠶᠠᠨ ᠤ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ | ᠣᠯᠭᠤᠯᠲᠠ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠵᠢᠴᠢ ᠵᠡᠮᠳᠡᠭᠴᠦᠳ ᠤᠨ ᠭᠡᠷ ᠪᠦᠯᠢ ᠶᠢ ᠥᠭᠡᠷᠡᠴᠢᠯᠡᠨ | ᠰᠠᠶᠢᠵᠢᠷᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠬᠤᠷᠠᠯ ᠳᠤ ᠣᠷᠣᠯᠴᠠᠭᠰᠠᠳ ᠴᠢᠩ ᠱᠦᠢ ᠾᠧ ᠰᠢᠶᠠᠨ ᠤ ᠵᠡᠮᠳᠡᠭᠴᠦᠳ ᠤᠨ ᠡᠷᠡᠭᠦᠯᠵᠢᠯ ᠠᠵᠢᠯ | ᠣᠯᠭᠤᠯᠲᠠ ᠳᠤ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠴᠢᠩ ᠱᠦᠢ ᠾᠧ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ᠰᠢᠶᠠᠨ ᠤ | ᠵᠡᠮᠳᠡᠭᠴᠦᠳ ᠤᠨ ᠬᠤᠯᠪᠣᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠥᠬᠦᠷᠡᠰᠢ ᠦᠭᠡᠢ ᠴᠢᠷᠮᠠᠶᠢᠯᠭ᠎ᠠ | ᠳᠣᠣᠷ᠎ᠠ᠂ ᠪᠦᠬᠦ ᠰᠢᠶᠠᠨ ᠤ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠵᠦ᠂ | ᠠᠮᠢᠳᠤᠷᠠᠯ ᠤᠨ ᠪᠠᠶᠢᠳᠠᠯ ᠢᠯᠡᠳᠲᠡ ᠰᠠᠶᠢᠵᠢᠷᠠᠵᠤ᠂ ᠤᠶᠤᠨ ᠤ ᠪᠠ ᠰᠣᠶᠣᠯ ᠤᠨ ᠠᠮᠢᠳᠤᠷᠠᠯ ᠡᠳᠦᠷ ᠢᠷᠡᠬᠦᠶ᠎ᠡ | ᠪᠠᠶᠠᠯᠢᠭᠵᠢᠵᠤ᠂ ᠠᠵᠢᠯ ᠣᠯᠵᠤ ᠦᠢᠯᠡᠰ ᠪᠣᠰᠬᠠᠬᠤ ᠠᠵᠢᠯ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃ | ᠬᠤᠶᠢᠰᠢᠳᠠ ᠶᠢᠨ ᠠᠵᠢᠯ ᠳᠤᠮᠳᠠ ᠪᠠᠨ ᠢᠮᠠᠭᠲᠠ ᠠᠷᠠᠳ ᠲᠦᠮᠡᠨ ᠳᠤ ᠦᠢᠯᠡᠴᠢᠯᠡᠬᠦ ᠤᠳᠤᠷᠢᠳᠤᠮᠵᠢ᠂ | ᠦᠢᠯᠡᠴᠢᠯᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠰᠣᠯᠢᠯᠴᠠᠭ᠎ᠠ ᠪᠠᠨ ᠴᠢᠩᠭᠠᠳᠬᠠᠵᠤ᠂ ᠵᠡᠮᠳᠡᠭᠴᠦᠳ ᠤᠨ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠤᠨ | ᠳᠡᠮᠵᠢᠵᠦ᠂ ᠵᠡᠮᠳᠡᠭᠴᠦᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠴᠢᠷᠮᠠᠶᠢᠨ ᠬᠠᠩᠭᠠᠵᠤ᠂ ᠪᠦᠬᠦ ᠬᠤᠳᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | | | | ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ | ᠵᠡᠮᠳᠡᠭᠴᠦᠳ ᠤᠨ ᠡᠷᠡᠭᠦᠯᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ᠂ ᠰᠤᠷᠭᠠᠨ ᠬᠥᠮᠦᠵᠢᠯ᠂ ᠰᠣᠶᠣᠯ | ᠪᠡᠶ᠎ᠡ ᠶᠢᠨ ᠲᠠᠮᠢᠷ᠂ ᠬᠠᠷᠰᠢ ᠰᠠᠭᠠᠳ ᠦᠭᠡᠢ ᠣᠷᠴᠢᠨ ᠲᠣᠭᠤᠷᠢᠨ᠂ ᠨᠡᠶᠢᠭᠡᠮᠴᠢᠯᠡᠭᠰᠡᠨ ᠵᠡᠮᠳᠡᠭᠴᠦᠳ ᠢ ᠲᠤᠰᠠᠯᠠᠬᠤ | ᠵᠢᠴᠢ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ ᠵᠡᠷᠭᠡ︽ᠨᠠᠢᠮᠠᠨ ᠦᠢᠯᠡᠴᠢᠯᠡᠭᠡᠨ ᠤ ᠲᠣᠣᠷ︾ ᠤᠨ ᠲᠣᠭᠤᠷᠢᠨ ᠳᠤ | ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠤᠨ ᠢᠶᠠᠷ ᠠᠬᠢᠭᠤᠯᠬᠤ ᠪᠣᠯᠣᠨ᠎ᠠ᠃ | ᠵᠡᠮᠳᠡᠭᠴᠦᠳ ᠤᠨ ᠭᠡᠷ ᠪᠦᠯᠢ ᠳᠤ ᠬᠠᠷᠰᠢ ᠰᠠᠭᠠᠳ ᠦᠭᠡᠢ ᠪᠠᠶᠢᠯᠭᠠᠬᠤ᠂ ᠡᠷᠡᠭᠦᠯᠵᠢᠭᠦᠯᠬᠦ ᠦᠢᠯᠡᠴᠢᠯᠡᠭᠡ᠂ | ᠠᠵᠢᠯ ᠤᠨ ᠪᠠᠶᠢᠷᠢ ᠠᠴᠠ ᠪᠠᠨ ᠰᠠᠯᠵᠤ ᠠᠵᠢᠯ ᠣᠯᠭᠤᠯᠲᠠ ᠶᠢ ᠠᠬᠢᠭᠤᠯᠬᠤ ᠵᠢᠴᠢ ᠵᠡᠮᠳᠡᠭᠴᠦᠳ ᠲᠤ | ᠬᠤᠯᠪᠣᠭᠳᠠᠭᠰᠠᠨ ᠡᠷᠬᠡ ᠪᠠᠨ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠪᠥᠬᠦ ᠬᠤᠲᠠ ᠶᠢᠨ | ᠵᠡᠮᠳᠡᠭᠴᠦᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ | |