︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ ᠲᠦᠷᠦᠭᠦᠬᠡᠨ ᠣᠶᠢᠯᠠᠭᠠᠭᠰᠠᠨ ᠢᠶᠠᠷ᠂ | 1-9 ᠳ᠋ᠤᠭᠡᠷ ᠰᠠᠷ᠎ᠠ ᠳᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠳ᠋ ᠤᠨ | ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠢᠴᠢ ᠠᠵᠤ | ᠦᠢᠯᠡᠰ ᠤᠨ ᠲᠥᠷᠥᠯ ᠤᠨ ᠪᠡᠯᠡᠮᠦ᠋ᠩᠭᠦ ᠶᠢ ᠨᠡᠶᠢᠲᠡ 5096.6 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ | ᠳᠡᠭᠡᠳᠦ ᠱᠠᠲᠤᠨ ᠠᠴᠠ ᠪᠠᠭᠤᠯᠭᠠᠭᠰᠠᠨ ᠪᠡᠯᠡ ᠮᠥᠩᠭᠦ 4246.6 ᠲᠦᠮᠡᠨ ᠲᠥᠭᠦᠷᠢᠭ᠂ ᠲᠣᠰ ᠱᠠᠲᠤᠨ ᠤ | ᠲᠥᠰᠥᠪ ᠤᠨ ᠪᠡᠯᠡ ᠮᠥᠩᠭᠦ 850 ᠲᠦᠮᠡᠨ ᠲᠥᠭᠦᠷᠢᠭ ᠪᠠᠭᠲᠠᠨ᠎ᠠ᠃ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ᠂ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠ ᠠᠮᠢᠲᠠᠨ ᠤ ᠸᠠᠺᠼᠢᠨ ᠤ ᠠᠵᠤ ᠦᠢᠯᠡᠰ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠵᠡᠷᠭᠡ ᠲᠠᠯ᠎ᠠ ᠳᠤ ᠬᠡᠷᠡᠭᠯᠡᠨ᠎ᠡ᠃ | ᠲᠣᠰ ᠪᠡᠯᠡ ᠮᠥᠩᠭᠦ ᠨᠢ ᠥᠪᠥᠷ ᠮᠣᠩᠭᠤᠯ ᠤᠨ ᠯᠢᠥᠢ ᠴᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠤᠸᠠᠩ ᠸᠧᠢ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠲᠠᠩ ᠤᠨ ᠬᠢᠵᠠᠭᠠᠷᠲᠤ ᠺᠣᠮᠫᠠᠨᠢ ᠵᠡᠷᠭᠡ 44 | ᠠᠵᠤ ᠠᠬᠤᠶᠢᠯᠠᠯ ᠳᠤ ᠬᠤᠯᠪᠣᠭᠳᠠᠵᠠᠢ᠂ ᠡᠭᠦᠨ ᠳᠤ ᠪᠣᠬᠢᠷᠲᠤᠯ ᠦᠭᠡᠢ ᠦᠢᠯᠡᠳᠬᠡᠯ ᠤᠨ ᠵᠢᠱᠢᠶ᠎ᠡ ᠦᠵᠡᠭᠦᠯᠬᠦ᠂ | ᠠᠵᠤ ᠦᠢᠯᠡᠳᠪᠦᠷᠢ ᠲᠣᠭᠠᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ | ᠦᠢᠯᠡᠴᠢᠯᠡᠭᠡᠨ ᠤ ᠲᠠᠪᠴᠠᠩ ᠵᠡᠷᠭᠡ ᠣᠯᠠᠨ ᠲᠥᠷᠥᠯ ᠵᠦᠢᠯ ᠪᠠᠭᠲᠠᠨ᠎ᠠ᠃ ᠪᠡᠯᠡ ᠮᠥᠩᠭᠦ ᠶᠢ ᠪᠠᠭᠤᠯᠭᠠᠭᠰᠠᠨ ᠨᠢ᠂ | ᠡᠳ᠋ ᠤᠨ ᠵᠠᠰᠠᠭ ᠤᠨ ᠲᠤᠰᠬᠠᠢ ᠪᠡᠯᠡ ᠮᠦᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠠᠬᠢ | ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ | ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠥᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠳᠤ | ᠠᠰᠢᠭᠲᠠᠢ ᠶᠤᠮ᠃ |