ᠬᠤᠲᠠ ᠶᠢᠨ ᠵᠠᠰᠠᠭ ᠤᠨ ᠣᠷᠳᠣᠨ ᠤ  ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/30
     10 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠬᠡᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠦᠪᠵᠢᠭᠦᠯᠭᠡ ︵2023 ︱ 2025 ᠣᠨ︶︾ ᠶᠢ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ  ᠠᠴᠠ ᠵᠢᠭᠠᠭᠰᠠᠨ ᠨᠢ᠂ ᠬᠠᠤᠯᠢ ᠲᠣᠭᠲᠠᠭᠠᠬᠤ ᠬᠠᠤᠯᠢ ᠶᠢ ᠪᠦᠬᠦ ᠲᠠᠯ᠎ᠠ ᠪᠠᠷ᠂ ᠵᠥᠪ ᠣᠨᠣᠪᠴᠢᠲᠠᠶ  ᠲᠤᠭᠤᠰᠢᠯᠠᠭᠤᠯᠤᠨ ᠬᠡᠷᠡᠭᠵᠢᠭᠦᠯᠬᠦ ᠨᠢ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠯᠲᠠ  ᠶᠢᠨ ᠨᠢᠭᠡᠨ ᠴᠢᠬᠤᠯᠠ ᠡᠭᠦᠷᠭᠡ ᠮᠥᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ  ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ  ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠨᠠᠷᠢᠨ ᠬᠢᠨᠠᠮᠠᠭᠠᠢ ᠰᠤᠷᠤᠯᠴᠠᠵᠤ᠂ ᠮᠠᠨ ᠤ ᠬᠤᠲᠠ ᠶᠢᠨ ᠬᠠᠤᠯᠢ ᠲᠣᠭᠲᠠᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠪᠣᠯ ᠨᠠᠮ ᠪᠠ ᠤᠯᠤᠰ ᠤᠨ ᠠᠵᠢᠯ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠵᠦᠢ ᠵᠣᠬᠢᠰᠲᠠᠢ ᠪᠠᠶᠢᠷᠢᠰᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠢᠨᠲ᠋ᠧᠷ ᠰᠦᠯᠵᠢᠶ᠎ᠡ +︾ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠷᠮᠠᠶᠢᠨ ᠠᠬᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠡᠮᠴᠢᠯᠡᠭᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠪᠠᠷ ᠭᠤᠣᠯ ᠪᠣᠯᠭᠠᠭᠰᠠᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1