ᠴᠢᠩ ᠱᠦᠢ ᠾᠧ ᠰᠢᠶᠠᠨ ᠤ ᠠᠵᠢᠯ ᠣᠯᠭᠤᠯᠲᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2023/10/30
      ᠴᠢᠩ ᠱᠦᠢ ᠾᠧ ᠰᠢᠶᠠᠨ ᠤ ᠠᠵᠢᠯ ᠣᠯᠭᠤᠯᠲᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ᠣᠲᠣ ᠪᠣᠯᠲᠠᠯ᠎ᠠ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠥᠨ ᠤ ᠲᠤᠭ᠎ᠠ 905 ᠬᠦᠷᠴᠦ᠂ ᠪᠥᠬᠦ ᠵᠢᠯ ‍ᠦᠨ‌ᠬᠠᠷᠠᠯᠲᠠᠲᠤ ᠡᠭᠦᠷᠭᠡ 1000 ᠬᠥᠮᠥᠨ ᠤ 90.5% ᠶᠢ ᠪᠡᠶᠡᠯᠡᠭᠦᠯᠪᠡ᠃ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ 2235 ᠬᠥᠮᠥᠨ ᠳᠤ ᠰᠢᠯᠵᠢᠭᠦᠯᠦᠨ ᠠᠵᠢᠯ ᠣᠯᠭᠤᠵᠤ᠂ ᠵᠢᠯ ᠤᠨ ᠲᠥᠯᠥᠪᠯᠡᠭᠡ 2200 ᠬᠥᠮᠥᠨ ᠤ 101.59 % ᠶᠢ ᠪᠡᠶᠡᠯᠡᠭᠦᠯᠪᠡ︔ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 8273 ᠬᠥᠮᠥᠨ ᠳᠤ ᠬᠦᠷᠴᠦ᠂ ᠪᠦᠬᠦ ᠵᠢᠯ ᠤᠨ ᠬᠠᠷᠠᠯᠲᠠᠲᠤ ᠡᠭᠦᠷᠭᠡ 7000 ᠬᠥᠮᠥᠨ ᠤ 117.64% ᠪᠠᠷ ᠪᠡᠶᠡᠯᠡᠭᠦᠯᠪᠡ;ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 40603 ᠬᠥᠮᠥᠨ ᠳᠤ ᠰᠢᠯᠵᠢᠭᠦᠯᠦᠨ ᠠᠵᠢᠯ ᠣᠯᠭᠤᠵᠤ᠂ ᠪᠦᠬᠦ ᠵᠢᠯ ᠤᠨ  ᠬᠠᠷᠠᠯᠲᠠᠲᠤ ᠡᠭᠦᠷᠭᠡ 34800 ᠬᠥᠮᠥᠨ ᠤ 116.67% ᠶᠢ ᠪᠡᠶᠡᠯᠡᠭᠦᠯᠪᠡ︔ᠮᠠᠯᠴᠢᠨ ᠲᠠᠷᠢᠶᠠᠴᠢᠨ ᠢ 6 ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠭᠰᠠᠨ  ᠨᠢ 39374 ᠬᠥᠮᠥᠨ ᠳᠤ ᠬᠦᠷᠭᠡᠵᠦ᠂ ᠪᠥᠬᠦ ᠵᠢᠯ ᠤᠨ ᠬᠠᠷᠠᠯᠲᠠᠲᠤ ᠡᠭᠦᠷᠭᠡ 27840 ᠬᠥᠮᠥᠨ ᠤ 141.43% ᠶᠢ ᠪᠡᠶᠡᠯᠡᠭᠦᠯᠪᠡ︔ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 630 ᠲᠦᠮᠡᠨ ᠲᠥᠭᠦᠷᠢᠭ ᠲᠠᠯᠪᠢᠵᠤ᠂ ᠪᠥᠬᠦ ᠵᠢᠯ ᠤᠨ ᠬᠠᠷᠠᠯᠲᠠᠲᠤ ᠡᠭᠦᠷᠭᠡ 650 ᠲᠦᠮᠡᠨ ᠲᠥᠭᠦᠷᠢᠭ ᠤᠨ 97% ᠶᠢ ᠪᠡᠶᠡᠯᠡᠭᠦᠯᠪᠡ᠃ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡ 10 ᠬᠥᠮᠥᠨ ᠪᠠᠶᠢᠵᠤ᠂ ᠬᠠᠷᠠᠯᠲᠠᠲᠤ ᠡᠭᠦᠷᠭᠡ ᠶᠢ 100% ᠪᠠᠷ ᠪᠡᠶᠡᠯᠡᠭᠦᠯᠪᠡ᠃ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠦᠨᠡᠨ ᠨᠡᠷ᠎ᠡ ᠶᠢᠨ ᠳᠦᠷᠢᠮᠲᠦ 256 ᠬᠥᠮᠥᠨ ︵ᠡᠭᠦᠨ ᠳᠤ ᠰᠤᠷᠭᠠᠭᠤᠯᠢ ᠳᠡᠪᠰᠢᠭᠰᠡᠨ᠂ ᠭᠠᠳᠠᠭᠠᠳᠤ ᠳᠤ ᠭᠠᠷᠤᠭᠰᠠᠨ᠂ ᠴᠡᠷᠢᠭ ᠲᠤ ᠣᠷᠣᠭᠰᠠᠨ ᠨᠡᠶᠢᠲᠡ 8 ᠬᠥᠮᠥᠨ ᠪᠣᠶ︶᠂ 89 ᠬᠥᠮᠥᠨ ᠤ ᠰᠢᠯᠭᠠᠯᠲᠠ ᠳᠤ ᠪᠡᠯᠡᠳᠬᠡᠵᠦ᠂ ᠣᠲᠣ ᠪᠣᠯᠲᠠᠯ᠎ᠠ 134 ᠬᠥᠮᠥᠨ ᠳᠤ ᠠᠵᠢᠯ ᠣᠯᠭᠤᠵᠤ᠂ ᠠᠵᠢᠯ ᠣᠯᠣᠭᠰᠠᠨ ᠨᠣᠷᠮ᠎ᠠ ᠨᠢ 52% ᠳᠤ ᠬᠦᠷᠴᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1