ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢ ᠣᠯᠭᠤᠬᠤ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2023/10/30
      ︽ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯ ᠤᠨ ᠪᠠᠶᠢᠷᠢ ᠳᠤ ᠪᠠᠶᠢᠭ᠎ᠠ ᠬᠥᠮᠥᠰ ᠪᠠ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠳᠦᠷᠢᠮ ᠢ ᠬᠡᠷᠡᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 19ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢ ᠣᠯᠭᠤᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠪᠠ᠃      ᠨᠢᠭᠡ᠂ ᠣᠯᠭᠤᠬᠤ ᠬᠡᠪᠴᠢᠶ᠎ᠡ      ︵ᠨᠢᠭᠡ︶ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠭᠠᠳᠠᠨᠠᠬᠢ ᠰᠢᠶᠠᠩ ᠪᠠᠯᠭᠠᠰᠤ᠂ ᠠᠶᠢᠯ ᠲᠣᠰᠬᠤᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠲᠠᠨ᠃      ︵ᠬᠤᠶᠠᠷ︶ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠳᠣᠷᠣᠭᠰᠢ ᠲᠣᠮᠢᠯᠠᠭᠰᠠᠨ ᠰᠤᠷᠭᠠᠨ ᠬᠥᠮᠦᠵᠢᠯ ᠢ ᠳᠡᠮᠵᠢᠬᠦ ᠪᠠᠭᠰᠢ᠂ ᠠᠵᠢᠯ ᠤᠨ ᠪᠠᠶᠢᠷᠢ ᠡᠭᠡᠯᠵᠢᠯᠡᠭᠦᠯᠦᠰᠣᠯᠢᠯᠴᠠᠬᠤ ᠰᠤᠷᠭᠠᠭᠤᠯᠢ ᠶᠢᠨ ᠵᠠᠬᠢᠷᠤᠯ᠂ ᠪᠠᠭᠰᠢ ᠪᠠ ᠣᠨᠴᠠᠭᠠᠶ ᠠᠵᠢᠯ ᠤᠨ ᠪᠠᠶᠢᠷᠢ ᠶᠢᠨ ᠪᠠᠭᠰᠢ᠃      ︵ᠭᠤᠷᠪᠠ︶ ᠰᠢᠶᠠᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠢᠯᠡ ᠪᠠᠷ ᠤᠷᠢᠨ ᠬᠡᠷᠡᠭᠯᠡᠭᠰᠡᠨ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠠᠵᠢᠯᠯᠠᠵᠤ ᠪᠠᠶᠢᠭ᠎ᠠ ᠪᠠᠭᠰᠢ ᠠᠵᠢᠯᠲᠠᠨ᠃      ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠨᠥᠬᠦᠪᠦᠷᠢ ᠣᠯᠭᠤᠬᠤ ᠬᠡᠪᠴᠢᠶᠡᠨ ᠳᠤ ᠪᠠᠶᠢᠬᠤ ᠦᠭᠡᠢ᠃      ᠬᠤᠶᠠᠷ᠂ ᠨᠥᠬᠦᠪᠦᠷᠢ ᠥᠭᠬᠦ ᠪᠠᠷᠢᠮᠵᠢᠶ᠎ᠠ      ᠬᠥᠮᠥᠨ ᠪᠦᠷᠢ ᠳᠤ ᠵᠢᠯ ᠳᠤ 10000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠥᠭᠭᠦᠨ᠎ᠡ᠃      ᠭᠤᠷᠪᠠ᠂ ᠨᠥᠬᠦᠪᠦᠷᠢ ᠥᠭᠬᠦ ᠠᠷᠭ᠎ᠠ      ︵ᠨᠢᠭᠡ︶ ᠬᠥᠳᠡᠭᠡ ᠲᠣᠰᠬᠤᠨ ᠤ ᠪᠠᠭᠰᠢ ᠨᠠᠷ ᠠᠵᠢᠯ ᠤᠨ ᠪᠠᠶᠢᠷᠢ ᠳᠤ ᠪᠠᠶᠢᠬᠤ ᠦᠶ᠎ᠡ ᠳᠤ ᠠᠮᠢᠳᠤᠷᠠᠯ ᠤᠨ ᠨᠥᠬᠦᠪᠦᠷᠢ ᠭᠥᠷᠳᠡᠨ᠎ᠡ᠂ ︽ᠠᠵᠢᠯ ᠤᠨ ᠪᠠᠶᠢᠷᠢ ᠪᠠᠷ ᠨᠥᠬᠦᠪᠦᠷᠢ ᠲᠣᠭᠲᠠᠭᠠᠬᠤ᠂ ᠠᠵᠢᠯ ᠤᠨ ᠪᠠᠶᠢᠷᠢ ᠳᠤ ᠪᠠᠶᠢᠪᠠᠯ ᠭᠥᠷᠳᠡᠬᠦ᠂ ᠠᠵᠢᠯ ᠤᠨ ᠪᠠᠶᠢᠷᠢ ᠠᠴᠠ ᠪᠠᠨ ᠰᠠᠯᠪᠠᠯ ᠬᠦᠴᠦᠨ ᠦᠭᠡᠢ ᠪᠣᠯᠭᠠᠬᠤ︾ ᠵᠠᠷᠴᠢᠮ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ᠠᠵᠢᠯ ᠤᠨ ᠪᠠᠶᠢᠷᠢ ᠠᠴᠠ ᠪᠠᠨ ᠰᠠᠯᠤᠭᠰᠠᠨ ᠤ ᠳᠠᠷᠠᠭ᠎ᠠ ︵ᠤᠷᠢᠬᠤ ᠪᠠᠨ ᠪᠣᠯᠢᠬᠤ᠂ ᠠᠵᠢᠯ ᠰᠢᠯᠵᠢᠬᠦ᠂ ᠰᠣᠯᠢᠯᠴᠠᠬᠤ᠂ ᠠᠵᠢᠯ ᠠᠴᠠ ᠪᠠᠨ ᠠᠮᠠᠷᠠᠬᠤ᠂ ᠠᠵᠢᠯ ᠠᠴᠠ ᠪᠠᠨ ᠪᠠᠭᠤᠬᠤ ᠶᠢ ᠪᠠᠭᠲᠠᠭᠠᠨ᠎ᠠ︶ ᠠᠶᠠᠨᠳᠠᠭᠠᠨ ᠬᠦᠴᠦᠨ ᠦᠭᠡᠢ ᠪᠣᠯᠣᠨ᠎ᠠ᠃ᠠᠮᠢᠳᠤᠷᠠᠯ ᠤᠨ ᠨᠥᠬᠦᠪᠦᠷᠢ ᠶᠢ ᠪᠦᠬᠦᠨ ᠢ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠤ ᠬᠠᠮᠢᠶᠠᠷᠤᠯᠲᠠ ᠳᠤ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠭᠤᠷᠢ ᠲᠣᠭᠠᠨ ᠳᠤ ᠣᠷᠣᠭᠤᠯᠬᠤ ᠦᠭᠡᠢ᠃      ︵ᠬᠤᠶᠠᠷ︶ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠳᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠥᠳᠡᠭᠡ ᠲᠣᠰᠬᠤᠨ ᠤ ᠰᠤᠷᠭᠠᠭᠤᠯᠢ ᠠᠵᠢᠯᠲᠠᠨ ᠠᠵᠢᠯᠴᠢᠨ ᠤ ᠣᠨ ᠤ ᠠᠵᠢᠯ ᠤᠨ ᠪᠣᠳᠠᠲᠤ ᠪᠦᠲᠦᠮᠵᠢ ᠵᠢᠴᠢ ᠬᠢᠨᠠᠨ ᠰᠢᠯᠭᠠᠭᠰᠠᠨ ᠦᠷ᠎ᠡ ᠳ᠋ᠦᠩ ᠲᠠᠢ ᠤᠶᠠᠯᠳᠤᠭᠤᠯᠵᠤ᠂ ᠳᠠᠷᠠᠭ᠎ᠠ ᠵᠢᠯ ᠤᠨ ᠨᠢᠭᠡᠳᠦᠭᠡᠷ ᠤᠯᠠᠷᠢᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠣᠯᠭᠤᠨ᠎ᠠ᠃ ᠳᠣᠷᠣᠭᠰᠢ ᠲᠣᠮᠢᠯᠠᠭᠰᠠᠨ ᠰᠤᠷᠭᠠᠨ ᠬᠥᠮᠦᠵᠢᠯ ᠢ ᠳᠡᠮᠵᠢᠬᠦ ᠪᠠᠭᠰᠢ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠰᠤᠷᠭᠠᠭᠤᠯᠢ ᠶᠢᠨ ᠵᠠᠬᠢᠷᠤᠯ᠂ ᠪᠠᠭᠰᠢ ᠳᠤ ᠠᠵᠢᠯ ᠤᠨ ᠪᠠᠶᠢᠷᠢ ᠳᠤ ᠪᠠᠶᠢᠬᠤ ᠪᠣᠳᠠᠲᠠᠢ ᠴᠠᠭ ᠢᠶᠠᠷ ᠨᠢ ᠨᠥᠬᠦᠪᠦᠷᠢ ᠶᠢ ᠪᠤᠳᠤᠨ᠎ᠠ᠃      ︵ᠭᠤᠷᠪᠠ︶ ᠡᠯ᠎ᠡ ᠰᠢᠶᠠᠩ ᠪᠠᠯᠭᠠᠰᠤᠨ ᠤ ᠰᠤᠷᠭᠠᠭᠤᠯᠢ ᠨᠤᠭᠤᠳ ᠠᠵᠢᠯᠲᠠᠨ ᠠᠵᠢᠯᠴᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠤᠬᠠᠢ ᠶᠢᠨ ᠵᠢᠯ ᠳᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ ᠠᠮᠢᠳᠤᠷᠠᠯ ᠤᠨ ᠨᠥᠬᠦᠪᠦᠷᠢ ᠶᠢ ᠲᠠᠬᠢᠵᠦ ᠣᠯᠭᠤᠬᠤ ᠦᠭᠡᠢ᠄      1. ᠣᠨ ᠤ ᠠᠵᠢᠯ ᠤᠨ ᠪᠠᠶᠢᠷᠢ ᠶᠢᠨ ᠠᠵᠢᠯ ᠤᠨ ᠬᠡᠮᠵᠢᠶ᠎ᠡ ᠪᠠᠨ ᠪᠡᠶᠡᠯᠡᠭᠦᠯᠦᠭᠰᠡᠨ ᠦᠭᠡᠢ᠃      2. ᠣᠨ ᠤ ᠬᠢᠨᠠᠨ ᠰᠢᠯᠭᠠᠯᠲᠠ ᠳᠤ ᠦᠨᠳᠦᠰᠦᠨ ᠳᠡᠭᠡᠨ ᠬᠢᠷᠢ ᠲᠡᠩᠴᠡᠭᠰᠡᠨ ᠵᠢᠴᠢ ᠲᠡᠭᠦᠨ ᠠᠴᠠ ᠳᠣᠷᠣᠭᠰᠢᠬᠢ ᠵᠡᠷᠭᠡ ᠳᠡᠰ ᠢᠶᠠᠷ ᠬᠢᠨᠠᠭᠰᠠᠨ᠃      3. ᠡᠪᠡᠳᠴᠢᠨ ᠤ ᠴᠢᠯᠦᠭᠡ ᠨᠢ ᠬᠤᠶᠠᠷ ᠰᠠᠷ᠎ᠠ ᠠᠴᠠ ᠬᠡᠲᠦᠷᠡᠵᠦ᠂ ᠠᠵᠢᠯ ᠶᠠᠪᠤᠳᠠᠯ ᠤᠨ ᠴᠢᠯᠦᠭᠡ ᠨᠢ ᠪᠥᠬᠦ ᠵᠢᠯ ᠳᠤ ᠨᠡᠶᠢᠲᠡ 20 ᠡᠳᠦᠷ ᠠᠴᠠ ᠬᠡᠲᠦᠷᠡᠭᠰᠡᠨ᠃      4. ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢᠶᠠᠨ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ᠃      ᠳᠥᠷᠪᠡ᠂ ᠬᠡᠷᠡᠭᠵᠢᠭᠦᠯᠬᠦ ᠴᠠᠭ      ᠲᠣᠰ ᠨᠥᠬᠦᠪᠦᠷᠢ ᠶᠢ 2019 ᠣᠨ ᠠᠴᠠ ᠡᠬᠢᠯᠡᠵᠦ ᠬᠡᠷᠡᠭᠵᠢᠭᠦᠯᠦᠨ᠎ᠡ᠃      ᠲᠠᠪᠤ᠂᠂ ᠵᠠᠷᠤᠳᠠᠯ ᠤᠨ ᠪᠠᠲᠤᠯᠠᠭ᠎ᠠ      ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠵᠠᠷᠤᠳᠠᠯ ᠢ ᠬᠤᠲᠠ ᠶᠢᠨ ᠡᠳ᠋ ᠤᠨ ᠵᠠᠰᠠᠭ ᠠᠴᠠ ᠡᠭᠦᠷᠭᠡᠯᠡᠵᠦ᠂ ᠡᠳ᠋ ᠤᠨ ᠵᠠᠰᠠᠭ ᠤᠨ ᠲᠥᠰᠥᠪ ᠲᠤ ᠨᠢᠭᠡᠳᠦᠯᠲᠡᠢ ᠣᠷᠣᠭᠤᠯᠤᠨ᠎ᠠ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠰᠢᠶᠠᠩ ᠪᠠᠯᠭᠠᠰᠤᠨ ᠤ ᠰᠤᠷᠭᠠᠭᠤᠯᠢ ᠨᠤᠭᠤᠳ ᠨᠥᠬᠦᠴᠡᠯ ᠳᠤ ᠨᠡᠶᠢᠴᠡᠬᠦ ᠠᠵᠢᠯᠲᠠᠨ ᠠᠵᠢᠯᠴᠢᠨ ᠤ ᠨᠡᠷᠡᠰ ᠢ ᠡᠮᠬᠢᠯᠡᠨ ᠬᠤᠷᠢᠶᠠᠩᠭᠤᠶᠢᠯᠠᠵᠤ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠳᠡᠭᠡᠭᠰᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠠᠩᠬ᠎ᠠ ᠬᠢᠨᠠᠭᠤᠯᠵᠤ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠬᠢᠨᠠᠨ ᠵᠥᠪᠰᠢᠶᠡᠷᠡᠭᠦᠯᠦᠨ᠎ᠡ᠃      ︵ᠬᠤᠶᠠᠷ︶ ᠡᠯ᠎ᠡ ᠨᠢᠭᠡᠴᠡ ᠨᠦᠭᠦᠳ ᠪᠣᠭᠤᠮᠲᠠ ᠶᠢ ᠴᠢᠩᠭ᠎ᠠ ᠠᠳᠬᠤᠵᠤ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠂ ᠨᠥᠬᠦᠪᠦᠷᠢ ᠶᠢᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠮᠡᠬᠡᠯᠡᠨ ᠠᠪᠬᠤ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1