ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠤᠶ᠎ᠠ —ᠴᠢᠩ ᠱᠦᠢ ᠾᠧ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠳᠠ ᠶᠢᠨ ᠪᠦᠲᠦᠭᠡᠨ ᠪᠠᠶᠢᠭᠤᠯᠤᠯᠲᠠ ᠳᠤ ᠵᠠᠮ ᠢ ᠤᠷᠢᠳᠠᠪᠠᠷ ᠵᠠᠰᠠᠵᠤ ᠠᠷᠠᠳ ᠲᠤ ᠲᠦᠬᠦᠮ ᠦᠵᠡᠭᠦᠯᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/31
      ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠦᠨ᠂ ᠴᠢᠩ ᠱᠦᠢ ᠾᠧ ᠰᠢᠶᠠᠨ ᠤ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢᠨ ᠲᠤᠰᠠᠳᠠ᠂ 10 ᠳ᠋ᠤᠭᠠᠷ ᠰᠠᠷ᠎ᠠ ᠶᠢᠨ 29 ᠤ ᠡᠳᠦᠷ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠥᠳᠡᠯᠮᠦᠷᠢ ᠶᠢᠨ ᠴᠡᠴᠡᠷᠯᠢᠭ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠩ ᠴᠢ ᠵᠠᠮ᠂ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠵᠡᠷᠭᠡ 4 ᠭᠠᠵᠠᠷ ᠤᠨ ᠵᠠᠮ ᠤᠨ ᠭᠠᠳᠠᠷᠭᠤ ᠳᠤ ᠪᠠᠷᠤᠭᠰᠢᠨ ᠳᠡᠪᠢᠰᠬᠦ ᠠᠵᠢᠯ ᠬᠢᠵᠡᠢ᠃
     ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠪᠠᠭ᠎ᠠ ᠶᠠᠪᠤᠳᠠᠯ ᠭᠡᠵᠦ ᠦᠭᠡᠢ᠂ ᠤᠯᠠᠨ ᠲᠦᠮᠡᠨ ᠤ ᠠᠰᠢᠭ ᠲᠤᠰᠠ ᠪᠣᠯ ᠶᠡᠭᠡ ᠶᠠᠪᠤᠳᠠᠯ ᠮᠥᠨ᠃ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠢ ᠣᠶᠢᠯᠠᠭᠠᠨ᠂ ᠣᠯᠠᠨ ᠲᠦᠮᠡᠨ ᠤ ᠰᠠᠨᠠᠯ ᠢ ᠬᠤᠷᠢᠶᠠᠵᠤ᠂ ᠳᠠᠬᠢᠨ ᠳᠠᠪᠲᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠨᠵᠢᠵᠦ᠂ ᠵᠠᠮ ᠵᠠᠰᠠᠬᠤ ᠵᠦᠢ ᠵᠣᠬᠢᠰᠲᠠᠢ ᠲᠥᠰᠥᠯ ᠢ ᠲᠣᠭᠲᠠᠭᠠᠭᠰᠠᠨ ᠪᠠᠶᠢᠨ᠎ᠠ᠃ᠪᠠᠷᠢᠯᠭ᠎ᠠ ᠪᠠᠷᠢᠬᠤ ᠶᠠᠪᠤᠴᠠ ᠳᠤ ᠠᠵᠢᠯᠲᠠᠳ ᠪᠠᠷᠢᠯᠭ᠎ᠠ ᠶᠢᠨ ᠭᠠᠵᠠᠷ ᠲᠤ ᠪᠠᠷᠢᠯᠭ᠎ᠠ ᠶᠢᠨ ᠠᠵᠢᠯ ᠤᠨ ᠠᠬᠢᠴᠠ ᠶᠢ ᠴᠢᠩᠭ᠎ᠠ ᠠᠩᠬᠠᠷᠴᠤ᠂ ᠰᠠᠭᠤᠭᠠᠯᠢ ᠠᠷᠠᠳ ᠲᠤ ︽ᠬᠠᠮᠤᠭ ᠡᠴᠦᠰ ᠤᠨ ᠨᠢᠭᠡ ᠮᠧᠲᠷ ᠤᠨ ᠵᠠᠮ︾ ᠢ ᠰᠠᠭᠠᠳ ᠦᠭᠡᠢ ᠨᠡᠪᠲᠡᠷᠡᠭᠦᠯᠵᠡᠢ᠃ᠲᠣᠰ ᠤᠳᠠᠭ᠎ᠠ ᠬᠥᠳᠡᠯᠮᠦᠷᠢ ᠶᠢᠨ ᠴᠡᠴᠡᠷᠯᠢᠭ ᠵᠡᠷᠭᠡ ᠭᠠᠵᠠᠷ ᠲᠤ ᠨᠡᠶᠢᠲᠡ 5000 ᠲᠡᠭᠰᠢ ᠳᠥᠷᠪᠡᠯᠵᠢᠨ ᠮᠧᠲᠷ ᠪᠠᠷᠤᠭᠰᠢᠨ ᠵᠠᠮ ᠳᠡᠪᠢᠰᠪᠡ᠃
     ᠲᠠᠷᠠᠭᠠᠴᠢ ᠶᠢᠨ ᠠᠯᠬᠤᠮ ᠳᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠪᠠ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠢᠶᠠᠨ ᠡᠭᠦᠰᠬᠡᠯ ᠪᠠ ᠲᠡᠭᠦᠰᠬᠡᠯ ᠪᠣᠯᠭᠠᠵᠤ᠂ ᠰᠠᠭᠤᠭᠠᠯᠢ ᠠᠷᠠᠳ ᠤᠨ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠭ᠎ᠠ ᠶᠠᠪᠤᠳᠠᠯ ᠠᠴᠠ ᠡᠬᠢᠯᠡᠨ ᠠᠳᠬᠤᠵᠤ᠂ ᠪᠣᠳᠠᠲᠠᠢ ᠶᠠᠪᠤᠳᠠᠯ ᠠᠴᠠ ᠡᠬᠢᠯᠡᠨ ᠥᠭᠡᠷᠡᠴᠢᠯᠡᠵᠦ᠂ ᠣᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠦᠷ᠎ᠡ ᠪᠦᠲᠦᠮᠵᠢ ᠦᠵᠡᠭᠦᠯᠦᠨ᠎ᠡ᠃ᠰᠤᠷᠲᠠᠯ ᠤᠨ ᠳᠡᠭᠡᠭᠰᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠤᠯᠠᠮ ᠴᠢᠨᠠᠭᠰᠢᠳᠠ ᠬᠥᠭᠵᠢᠭᠡᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1