︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠮᠠᠨ ᠤ ᠬᠤᠲᠠ ᠬᠥᠳᠡᠭᠡ ᠲᠣᠰᠬᠤᠨ ᠤ | ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ | ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠠᠵᠢᠯ ᠢ ᠤᠷᠤᠭᠰᠢᠲᠠᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠰᠢᠨᠡᠳᠬᠡᠵᠦ | ᠬᠤᠷᠢᠶᠠᠩᠭᠤᠶᠢᠯᠠᠨ ᠲᠤᠰᠢᠶᠠᠬᠤ ᠠᠵᠢᠯ ᠪᠣᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ | ᠵᠥᠪᠰᠢᠶᠡᠷᠡᠭᠦᠯᠬᠦ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠂ ᠠᠮᠢ ᠠᠬᠤᠢ ᠶᠢ ᠰᠡᠷᠭᠦᠭᠡᠬᠦ᠂ | ᠦᠯᠡᠳᠡᠭᠡᠯ ᠭᠠᠵᠠᠷ ᠢ ᠠᠮᠢᠳᠤᠯᠢᠭ ᠪᠣᠯᠭᠠᠬᠤ ᠵᠡᠷᠭᠡ ᠠᠵᠢᠯ ᠢ ᠲᠤᠯᠭᠠᠭᠤᠷᠢᠯᠠᠬᠤ ᠶᠢᠨ ᠴᠢᠬᠤᠯᠠ ᠨᠥᠬᠦᠴᠡᠯ ᠪᠣᠯᠣᠨ᠎ᠠ᠃ | ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ | ᠦᠨᠡᠮᠯᠡᠯ ᠣᠯᠭᠤᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠡᠷᠬᠡ ᠶᠢᠨ | ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠬᠥᠳᠡᠭᠡ ᠲᠣᠰᠬᠤᠨ ᠤ ᠨᠡᠶᠢᠭᠡᠮ ᠤᠨ ᠵᠥᠷᠢᠴᠡᠯ ᠢ ᠠᠷᠢᠯᠭᠠᠵᠤ᠂ | ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠨᠠᠩ ᠰᠠᠶᠢᠨ ᠦᠢᠯᠡᠴᠢᠯᠡᠵᠦ ᠴᠢᠳᠠᠨ᠎ᠠ᠃ ᠡᠭᠦᠨ ᠤ ᠲᠤᠯᠠᠳᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ︽ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ | ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠬᠦ ᠠᠵᠢᠯ ᠢ ᠡᠬᠢᠯᠡᠭᠦᠯᠬᠦ ᠲᠤᠬᠠᠢ ᠬᠥᠬᠡᠬᠤᠲᠠ ᠶᠢᠨ ᠮᠡᠳᠡᠭᠳᠡᠯ︾ ᠢ | ᠳᠠᠷᠤᠮᠠᠯᠯᠠᠨ ᠲᠠᠷᠬᠠᠭᠠᠬᠤ ᠶᠢᠨ ᠬᠠᠮᠲᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠲᠠᠢ | ᠬᠠᠷᠢᠯᠴᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠢᠭᠡ ᠴᠣᠭᠴᠠᠵᠢᠭᠤᠯᠤᠨ | ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ | ᠳᠠᠩᠰᠠᠯᠠᠭᠰᠠᠨ ᠦᠷ᠎ᠡ ᠪᠦᠲᠦᠭᠡᠯ ᠢ ᠰᠢᠨᠡᠳᠬᠡᠬᠦ ᠠᠵᠢᠯ ᠢ ᠯᠠᠪᠳᠠᠭᠤᠨ ᠢᠶᠠᠷ ᠥᠷᠨᠢᠭᠦᠯᠪᠡ᠃ ᠡᠨᠡ ᠬᠤᠭᠤᠴᠠᠭᠠᠨ ᠳᠤ | ᠂ ᠡᠯ᠎ᠡ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ ᠨᠤᠲᠠᠯᠠᠨ ᠳᠠᠩᠰᠠᠯᠠᠭᠰᠠᠨ ᠦᠷ᠎ᠡ ᠪᠦᠲᠦᠭᠡᠯ ᠢ | ᠰᠢᠨᠡᠳᠬᠡᠵᠦ ᠬᠤᠷᠢᠶᠠᠩᠭᠤᠶᠢᠯᠠᠨ ᠲᠤᠰᠢᠶᠠᠬᠤ ᠶᠡᠷᠦᠩᠬᠡᠢ ᠬᠦᠰᠦᠨᠦᠭᠲᠦ︾ ᠶᠢ ᠲᠠᠭᠯᠠᠨ ᠮᠡᠳᠡᠭᠦᠯᠵᠦ᠂ ᠰᠠᠭᠤᠷᠢ | ᠲᠤᠭ᠎ᠠ ᠶᠢ ᠤᠯᠠᠮ ᠨᠢᠭᠡ ᠠᠯᠬᠤᠮ ᠣᠶᠢᠯᠠᠭᠠᠨ᠂ ᠠᠬᠢᠴᠠ ᠶᠢᠨ ᠪᠠᠶᠢᠳᠠᠯ ᠢ ᠡᠵᠡᠮᠰᠢᠪᠡ᠃ ᠡᠭᠦᠨ ᠤ ᠬᠠᠮᠲᠤ᠂ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠪᠠᠶᠢᠴᠠᠭᠠᠯᠲᠠ ᠶᠢᠨ ᠲᠤᠷᠰᠢᠯᠭ᠎ᠠ ᠪᠠᠷ ᠪᠠᠶᠠᠯᠢᠭ ᠮᠡᠷᠭᠡᠵᠢᠯ ᠤᠨ ᠠᠵᠢᠯᠲᠠᠨ ᠢ ᠲᠣᠮᠢᠯᠠᠵᠤ | ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ |