ᠬᠥᠬᠡᠬᠤᠲᠠ ᠠᠴᠠ ᠪᠡᠭᠡᠵᠢᠩ ᠬᠦᠷᠲᠡᠯ᠎ᠡ ᠬᠠᠮᠤᠭ ᠬᠤᠷᠳᠤᠨ ᠳᠠᠭᠠᠨ 1 ᠴᠠᠭ 59 ᠮᠢᠨᠦ᠋ᠲ ᠬᠡᠷᠡᠭᠰᠡᠨ᠎ᠡ
ᠨᠡᠶᠢᠲᠡᠯᠡᠭᠰᠡᠨ ᠴᠠᠭ᠄
2023/10/7
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠤ ᠬᠤᠶ︶ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ 2023 ᠣᠨ ᠤ 10 ᠰᠠᠷ᠎ᠠ  ᠶᠢᠨ 11 ᠤ ᠡᠳᠦᠷ ᠠᠴᠠ ᠡᠬᠢᠯᠡᠨ ᠲᠡᠮᠦᠷ ᠵᠠᠮ ᠤᠨ ᠰᠠᠯᠠᠭ᠎ᠠ ᠮᠥᠴᠢᠷ ᠴᠣᠪᠣᠭ᠎ᠠ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠬᠦ ᠪᠠᠷ ᠪᠤᠢ᠃      ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠠᠶᠠᠨᠴᠢᠳ ᠤᠨ ᠴᠤᠪᠤᠭ᠎ᠠ ᠲᠡᠷᠭᠡᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠴᠤᠪᠤᠭ᠎ᠠ ᠲᠡᠷᠭᠡ ᠶᠢ ᠨᠢᠭᠲᠠᠷᠠᠭᠤᠯᠵᠤ᠂ ᠴᠤᠪᠤᠭ᠎ᠠ ᠲᠡᠷᠭᠡᠨ ᠤ ᠠᠶᠠᠯᠠᠯ ᠤᠨ ᠴᠠᠭ ᠢ ᠪᠣᠭᠤᠨᠢᠰᠬᠠᠵᠤ᠂ ᠲᠦᠷᠭᠡᠨ ᠤ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠴᠢᠨᠠᠭᠰᠢᠳᠠ ᠪᠠᠳᠠᠷᠠᠭᠤᠯᠪᠠ᠃ ᠡᠭᠦᠨ ᠳᠤ ᠬᠥᠬᠡᠬᠤᠲᠠ ᠶᠢᠨ ᠵᠡᠭᠦᠨ ᠥᠷᠲᠡᠭᠡ ᠠᠴᠠ ᠪᠡᠭᠡᠵᠢᠩ ᠤᠨ ᠬᠤᠶᠢᠲᠤ ᠥᠷᠲᠡᠭᠡ ᠬᠦᠷᠬᠦ G2462 ᠤᠳᠠᠭ᠎ᠠ ᠶᠢᠨ ᠹᠦ᠋ ᠰᠢᠩ ᠨᠡᠷᠡᠮᠵᠢᠲᠦ ᠲᠦᠷᠭᠡᠨ ᠤ ᠲᠡᠮᠦᠷ ᠵᠠᠮ ᠤᠨ ᠴᠤᠪᠤᠭ᠎ᠠ ᠲᠡᠷᠭᠡ ᠶᠢ ᠨᠠᠪᠲᠠᠷᠡᠭᠦᠯᠵᠦ᠂ ᠬᠥᠬᠡᠬᠤᠲᠠ ᠶᠢᠨ ᠵᠡᠭᠦᠨ ᠥᠷᠲᠡᠭᠡ ᠠᠴᠠ ᠮᠣᠷᠳᠠᠨ ᠳᠤᠮᠳᠠ ᠨᠢ ᠵᠣᠭᠰᠣᠬᠤ ᠦᠭᠡᠢ ᠪᠠᠷ ᠪᠡᠭᠡᠵᠢᠩ ᠤᠨ ᠴᠢᠩ ᠾᠧ ᠥᠷᠲᠡᠭᠡ ᠳᠤ ᠰᠢᠭᠤᠳ ᠬᠦᠷᠴᠦ᠂ ᠠᠩᠬ᠎ᠠ ᠤᠳᠠᠭ᠎ᠠ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠠᠶᠠᠯᠠᠬᠤ ᠴᠠᠭ ᠢ 1 ᠴᠠᠭ 59 ᠮᠢᠨᠦ᠋ᠲ ᠪᠣᠯᠭᠠᠨ ᠪᠣᠭᠤᠨᠢᠰᠬᠠᠪᠠ᠃      ᠲᠤᠬᠠᠢ ᠶᠢᠨ ᠦᠶ᠎ᠡ ᠳᠤ ᠥᠪᠥᠷ ᠮᠣᠩᠭᠤᠯ ᠤᠨ ᠲᠥᠪ ᠬᠥᠬᠡᠬᠤᠲᠠ ᠬᠢᠭᠡᠳ ᠨᠡᠶᠢᠰᠯᠡᠯ ᠪᠡᠭᠡᠵᠢᠩ ᠬᠤᠶᠠᠷ ᠭᠠᠵᠠᠷ ᠤᠨ ᠬᠢᠨ ︽2 ᠴᠠᠭ ᠤᠨ ᠵᠠᠮ ᠬᠠᠷᠢᠯᠴᠠᠭᠠᠨ ᠤ ᠴᠠᠭᠠᠷᠢᠭ︾ ᠢ ᠵᠢᠩᠬᠢᠨᠢ ᠪᠠᠷ ᠪᠦᠷᠢᠯᠳᠦᠭᠦᠯᠵᠦ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠤᠲᠠ ᠶᠢᠨ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ ᠶᠢ ᠲᠦᠷᠭᠡᠳᠬᠡᠵᠦ᠂ ᠠᠷᠠᠳ ᠣᠯᠠᠨ ᠤ ᠶᠠᠪᠤᠯᠴᠠᠭ᠎ᠠ ᠳᠤ ᠲᠤᠶᠢᠯ ᠤᠨ ᠶᠡᠭᠡ ᠲᠥᠬᠦᠮ ᠦᠵᠡᠭᠦᠯᠬᠦ ᠶᠢᠨ ᠬᠠᠮᠲᠤ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠪᠠ ᠪᠡᠭᠡᠵᠢᠩ ᠲᠢᠶᠠᠨᠵᠢᠨ ᠾᠧᠪᠧᠢ ᠶᠢᠨ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠳᠤ ᠴᠢᠨᠠᠭᠰᠢᠳᠠ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1