ᠮᠠᠨ ᠤ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ︾ ᠤᠨ ᠠᠵᠢᠯᠲᠠᠨ ᠡᠯᠰᠡᠬᠦ ᠴᠤᠭᠯᠠᠭᠠᠨ 10 ᠳ᠋ᠤᠭᠠᠷ ᠰᠠᠷ᠎ᠠ ᠶᠢᠨ 13 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2023/10/9
      ︵ᠰᠤᠷᠪᠤᠯᠵᠢᠯᠠᠭᠴᠢ ᠯᠢᠦᠢ ᠬᠤᠢ ᠱᠧᠩ︶ ᠣᠶᠢᠯᠠᠭᠠᠭᠰᠠᠨ ᠢᠶᠠᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 10 ᠳ᠋ᠤᠭᠠᠷ ᠰᠠᠷ᠎ᠠ ᠶᠢᠨ 13 ᠤ ᠡᠳᠦᠷ 2023 ᠣᠨ ᠤ ᠬᠥᠬᠡᠬᠤᠲᠠ ᠶᠢᠨ ᠠᠯᠲᠠᠨ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠰᠠᠷ᠎ᠠ ᠶᠢᠨ ᠠᠵᠢᠯᠲᠠᠨ ᠡᠯᠰᠡᠬᠦ ᠠᠵᠢᠯᠯᠠᠭ᠎ᠠ ᠶᠢᠨ ︽ᠵᠢᠷᠭᠤᠭᠠᠨ ᠶᠡᠭᠡ ᠠᠵᠤ ᠦᠢᠯᠡᠰ︾ ᠤᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠬᠦ ᠪᠠᠷ ᠪᠣᠶ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠭᠤᠷᠪᠠᠳᠤᠭᠠᠷ ᠳᠠᠪᠬᠤᠷᠭ᠎ᠠ ᠳᠤ ᠪᠠᠶᠢᠷᠢᠯᠠᠭᠤᠯᠵᠤ᠂  ᠲᠤᠰ ᠬᠤᠭᠤᠴᠠᠭᠠᠨ ᠤ  ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠵᠢᠴᠢ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ  ᠤᠶᠤᠲᠠᠳ︔ ᠬᠦᠴᠦ ᠶᠠᠪᠤᠭᠴᠢ ᠮᠠᠯᠴᠢᠨ ᠲᠠᠷᠢᠶᠠᠴᠢᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠵᠢᠴᠢ ᠪᠤᠰᠤᠳ ᠠᠵᠢᠯ ᠡᠷᠢᠬᠦ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠰ︔ ᠠᠵᠢᠯᠲᠠᠨ ᠡᠯᠰᠡᠬᠦ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠳᠤ ᠦᠢᠯᠡᠴᠢᠯᠡᠨ᠎ᠡ᠃      ᠴᠤᠭᠯᠠᠭᠠᠨ ᠳᠤ ᠤᠷᠤᠯᠴᠠᠬᠤ ᠨᠢᠭᠡᠴᠡ ᠪᠠ ᠠᠵᠢᠯ ᠡᠷᠢᠬᠦ ᠬᠥᠮᠥᠨ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶ᠎ᠡ ᠪᠤᠶᠤ ᠭᠠᠷ ᠤᠲᠠᠰᠤᠨ ᠤ ᠸᠢᠴᠠᠲ ᠢᠶᠠᠷ ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ︾ ᠸᠢᠴᠠᠲ ᠤᠨ ᠨᠡᠶᠢᠲᠡ ᠶᠢᠨ ᠳ᠋ᠤᠭᠠᠷ ᠢ ᠡᠷᠢᠵᠦ᠂ ᠠᠩᠬᠠᠷᠤᠯ ᠢᠶᠠᠨ ᠬᠠᠨᠳᠤᠭᠤᠯᠵᠤ ᠣᠷᠣᠨ᠎ᠠ᠃ ᠬᠥᠮᠥᠨ ᠬᠡᠷᠡᠭᠯᠡᠬᠦ ᠨᠢᠭᠡᠴᠡ ᠠᠴᠠ ᠠᠵᠢᠯ ᠡᠷᠢᠭᠰᠡᠳ ᠢ ᠵᠣᠬᠢᠶᠠᠨ ᠪᠠᠶᠢᠭᠤᠯᠵᠤ ᠸᠢᠳᠢᠤ᠋ ᠪᠠᠷ ᠨᠢᠭᠤᠷᠲᠠᠨ ᠰᠢᠯᠭᠠᠵᠤ ᠪᠣᠯᠣᠨ᠎ᠠ᠂ ᠸᠢᠳᠢᠤ᠋ ᠪᠠᠷ ᠨᠢᠭᠤᠷᠲᠠᠨ ᠰᠢᠯᠭᠠᠬᠤ ᠶᠢ ᠺᠣᠮᠫᠢᠦ᠋ᠲ᠋ᠧᠷ ᠳᠡᠭᠡᠷ᠎ᠡ ᠪᠦᠷᠢᠳᠬᠡᠭᠦᠯᠵᠦ᠂ ᠨᠢᠭᠡᠴᠡ ᠶᠢᠨ ᠬᠠᠮᠢᠶᠠᠷᠤᠯᠲᠠ ᠶᠢᠨ ᠬᠡᠰᠡᠭ ᠤᠨ ︽ᠨᠢᠭᠤᠷᠳᠠᠬᠤ ᠰᠢᠯᠭᠠᠯᠲᠠ ᠶᠢᠨ ᠬᠠᠮᠢᠶᠠᠷᠤᠯᠲᠠ︾ ᠶᠢᠨ ᠵᠦᠢᠯ ᠳᠤ ᠭᠦᠢᠴᠡᠳᠬᠡᠨ᠎ᠡ᠃ ᠠᠵᠢᠯ ᠡᠷᠢᠭᠰᠡᠨ ᠬᠥᠮᠥᠨ ᠬᠡᠷᠡᠭᠯᠡᠬᠦ ᠨᠢᠭᠡᠴᠡ ᠶᠢᠨ ᠨᠢᠭᠤᠷᠳᠠᠬᠤ ᠰᠢᠯᠭᠠᠯᠲᠠ ᠶᠢᠨ ᠤᠷᠢᠯᠭ᠎ᠠ ᠶᠢ ᠣᠯᠪᠠᠯ᠂ ᠭᠠᠷ ᠤᠲᠠᠰᠤ ᠪᠠᠷ ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ︾ ᠸᠢᠴᠠᠲ ᠤᠨ ᠨᠡᠶᠢᠲᠡ ᠶᠢᠨ ᠳ᠋ᠤᠭᠠᠷ ᠲᠤ ᠭᠠᠷᠴᠤ᠂ ︽ᠠᠵᠢᠯᠲᠠᠨ ᠡᠯᠰᠡᠬᠦ ᠴᠤᠭᠯᠠᠭᠠᠨ︾ ᠤ ᠰᠣᠩᠭᠤᠯᠲᠠ ᠳᠠᠬᠢ ︽ᠸᠢᠳᠢᠤ᠋ ᠪᠠᠷ ᠨᠢᠭᠤᠷᠲᠠᠨ ᠰᠢᠯᠭᠠᠭᠤᠯᠬᠤ︾ ᠴᠢᠳᠠᠮᠵᠢ ᠶᠢ ᠰᠣᠩᠭᠤᠵᠤ ᠰᠢᠯᠭᠠᠭᠤᠯᠤᠨ᠎ᠠ᠃ ᠠᠵᠢᠯᠲᠠᠨ ᠡᠯᠰᠡᠬᠦ ᠴᠤᠭᠯᠠᠭᠠᠨ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1