ᠰᠤᠷᠪᠤᠯᠵᠢᠯᠠᠭᠴᠢ ᠨᠠᠪᠴᠢ | ᠣᠶᠢᠷ᠎ᠠ ᠶᠢᠨ ᠡᠳᠦᠷ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ︽ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠶ᠎ᠠ︾ ᠪᠣᠳᠠᠰ ᠤᠨ ᠪᠤᠰᠤ | ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠢᠴᠢ ᠳᠥᠴᠢᠳᠡᠬᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠠᠮᠲᠤ ᠪᠠᠷ ᠣᠷᠣᠵᠤ᠂ ᠴᠠᠭᠠᠰᠤᠨ ᠬᠠᠶᠢᠴᠢᠯᠠᠮᠠᠯ᠂ ᠰᠢᠪᠠᠷ ᠱᠤᠭᠤᠮᠠᠯ᠂ | ᠭᠤᠯᠢᠷ ᠤᠨ ᠱᠤᠭᠤᠮᠠᠯ᠂ ᠥᠨᠳᠡᠭᠡᠨ ᠰᠡᠶᠢᠯᠦᠮᠡᠯ᠂ ᠪᠥᠰ ᠨᠠᠭᠠᠮᠠᠯ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠤᠷᠢᠵᠤ᠂ ᠤᠯᠠᠮᠵᠢᠯᠠᠭᠴᠢ ᠨᠠᠷ ᠲᠤᠬᠠᠢ ᠶᠢᠨ | ᠲᠠᠯᠠᠪᠤᠷ ᠲᠤ ᠮᠡᠷᠭᠡᠵᠢᠯ ᠢᠶᠠᠨ ᠵᠢᠭᠠᠵᠤ ᠦᠵᠡᠭᠦᠯᠦᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠪᠠᠰᠠ ᠤᠷᠠᠨ | ᠪᠦᠲᠦᠭᠡᠯ ᠤᠨ ᠦᠵᠡᠭᠦᠯᠭᠡ ᠲᠣᠬᠢᠷᠠᠭᠤᠯᠵᠤ᠂ ᠪᠠᠭᠰᠢ ᠰᠤᠷᠤᠭᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠤᠬᠠᠢ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ | ᠰᠣᠶᠣᠯ ᠤᠨ ᠢᠲᠡᠭᠡᠯ ᠢ ᠨᠢ ᠪᠠᠲᠤᠳᠬᠠᠵᠤ᠂ ᠪᠤᠳᠠᠰ ᠤᠨ ᠪᠤᠰᠤ ᠰᠤᠶᠤᠯ ᠤᠨ ᠦᠪ ᠤᠨ ᠰᠤᠶᠤᠯ ᠢ ᠤᠯᠠᠮᠵᠢᠯᠠᠭᠰᠠᠨ | ᠪᠠᠶᠢᠨ᠎ᠠ᠃ ︽ᠤᠯᠤᠰ ᠤᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ | ᠪᠣᠯᠤᠭᠰᠠᠨ ᠤ ᠬᠤᠪᠢ ᠳᠤ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠪᠤᠳᠠᠰ ᠤᠨ ᠪᠤᠰᠤ ᠰᠤᠶᠤᠯ ᠤᠨ | ᠥᠪ ᠤᠨ ᠤᠯᠠᠮᠵᠢᠯᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠭᠴᠠᠯᠠᠬᠤ ᠬᠥᠮᠦᠵᠢᠯ ᠳᠤ ᠦᠵᠡᠭᠦᠯᠬᠦ ᠥᠷᠲᠡᠭ ᠤᠨ ᠴᠢᠳᠠᠮᠵᠢ ᠶᠢ ᠢᠳᠡᠪᠬᠢᠳᠡᠢ ᠰᠦᠪᠡᠭᠴᠢᠯᠡᠵᠦ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠪᠠ ᠰᠢᠨ᠎ᠡ ᠡᠭᠦᠳᠦᠯᠲᠡ ᠶᠢ ᠬᠠᠶᠢᠵᠤ ᠪᠠᠶᠢᠨ᠎ᠠ᠃ ᠡᠨᠡ | ᠬᠦ ᠠᠵᠢᠯᠯᠠᠭ᠎ᠠ ᠪᠠᠷ ᠳᠠᠮᠵᠢᠨ ᠳᠤᠮᠳᠠᠳᠤ ᠶᠢᠨ ᠰᠣᠶᠣᠯ ᠤᠨ ᠲᠤᠬᠠᠢ ᠪᠠᠭᠰᠢ ᠰᠤᠷᠤᠭᠴᠢᠳ ᠤᠨ ᠣᠶᠢᠯᠠᠭᠠᠯᠲᠠ ᠶᠢ | ᠭᠦᠨᠵᠡᠭᠡᠶᠢᠷᠡᠭᠦᠯᠦᠨ᠂ ᠪᠠᠭᠰᠢ ᠰᠤᠷᠤᠭᠴᠢᠳ ᠤᠨ ᠰᠣᠶᠣᠯ ᠢ ᠮᠡᠳᠡᠷᠡᠬᠦ ᠰᠡᠳᠬᠢᠯᠭᠡ᠂ ᠢᠲᠡᠭᠡᠯ ᠵᠣᠷᠢᠭ᠂ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠩ ᠢᠯᠡᠭᠦᠦ ᠴᠢᠩᠭᠠᠷᠠᠭᠤᠯᠤᠯᠠ︾ ᠭᠡᠵᠦ ᠬᠥᠬᠡᠬᠤᠲᠠ | ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠭᠤᠤ ᠹᠠᠨ ᠲᠠᠨᠢᠯᠴᠠᠭᠤᠯᠪᠠ᠃ |