ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠩ ᠱᠦᠢ ᠾᠧ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠦᠵᠡᠯ | ᠰᠠᠨᠠᠭ᠎ᠠ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ | ᠳᠡᠭᠡᠷ᠎ᠡ ᠬᠦᠴᠦ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ | ᠭᠤᠣᠯᠳᠠᠯᠭ᠎ᠠ ᠪᠣᠯᠭᠠᠨ᠂︽ᠦᠨᠳᠦᠰᠦᠨ ᠱᠠᠲᠤᠨ ᠳᠤ ᠶᠠᠪᠤᠵᠤ᠂ ᠪᠣᠳᠠᠲᠠᠢ ᠶᠠᠪᠤᠳᠠᠯ ᠪᠦᠲᠦᠭᠡᠬᠦ︾ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠪᠠᠶᠢᠳᠠᠯ ᠢ ᠣᠶᠢᠯᠠᠭᠠᠵᠤ | ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠶᠢ ᠭᠦᠨᠵᠡᠭᠡᠢ ᠥᠷᠨᠢᠭᠦᠯᠵᠦ᠂ | ᠠᠰᠠᠭᠤᠳᠠᠯ ᠢ ᠰᠢᠢᠳᠪᠦᠷᠢᠯᠡᠬᠦ ᠨᠠᠷᠢᠨ ᠲᠠᠩᠰᠠ ᠶᠢ ᠪᠠᠶᠢᠭᠤᠯᠵᠤ᠂ ᠭᠤᠣᠯ ᠰᠡᠳᠦᠪᠲᠦ ᠬᠥᠮᠦᠵᠢᠯ ᠢ ᠲᠠᠰᠤᠷᠠᠯᠳᠡ | ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | ᠤᠨᠤᠯ ᠤᠨ ᠰᠤᠷᠤᠯᠴᠠᠯᠭ᠎ᠠ ᠶᠢ ᠦᠨᠳᠦᠰᠦᠨ ᠱᠠᠲᠤᠨ ᠤ ᠰᠣᠷᠪᠤᠯᠵᠢᠯᠠᠭ᠎ᠠ ᠲᠠᠢ ᠤᠶᠠᠯᠳᠤᠭᠤᠯᠬᠤ ᠶᠢ | ᠪᠠᠷᠢᠮᠲᠠᠯᠠᠨ᠎ᠠ᠃ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ | ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠠᠨ ᠤ ᠬᠦᠴᠦᠨ ᠢ ᠲᠥᠪᠯᠡᠷᠡᠭᠦᠯᠦᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠰᠤᠷᠪᠤᠯᠵᠢᠯᠠᠵᠤ᠂ ᠪᠣᠳᠠᠲᠠᠢ | ᠶᠠᠪᠤᠳᠠᠯ ᠬᠢᠵᠦ᠂ ᠠᠷᠭᠠᠴᠠᠬᠤ ᠠᠷᠭ᠎ᠠ ᠰᠦᠪᠡᠭᠴᠢᠯᠡᠬᠦ ᠶᠢ ᠪᠠᠷᠢᠮᠲᠠᠯᠠᠪᠠ᠃ ᠣᠳᠣᠬᠠᠨ ᠪᠣᠯᠲᠠᠯ᠎ᠠ᠂ ᠪᠦᠬᠦ ᠰᠢᠶᠠᠨ ᠤ ᠡᠯ᠎ᠡ | ᠰᠢᠶᠠᠩ ᠪᠠᠯᠭᠠᠰᠤ᠂ 50 ᠭᠠᠷᠤᠢ ᠲᠣᠰᠬᠤᠨ︵ᠨᠡᠶᠢᠭᠡᠮ ᠲᠣᠭᠤᠷᠢᠭ︶ ᠪᠣᠯᠣᠨ ᠬᠡᠰᠡᠭ ᠠᠵᠤ ᠠᠬᠤᠶᠢᠯᠠᠯ᠂ ᠰᠤᠷᠭᠠᠭᠤᠯᠢ | ᠵᠡᠷᠭᠡ ᠦᠨᠳᠦᠰᠦᠨ ᠱᠠᠲᠤᠨ ᠤ ᠨᠢᠭᠡᠴᠡ ᠶᠢ ᠰᠤᠷᠪᠤᠯᠵᠢᠯᠠᠨ ᠣᠶᠢᠯᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠲᠠᠢ ᠶᠠᠷᠢᠯᠴᠠᠵᠤ᠂ ᠡᠯ᠎ᠡ ᠲᠣᠰᠬᠤᠨ︵ᠨᠡᠶᠢᠭᠡᠮ ᠲᠣᠭᠤᠷᠢᠭ︶ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠭᠰᠡᠨ ᠪᠠᠶᠢᠳᠠᠯ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ | ᠰᠤᠷᠤᠯᠴᠠᠵᠤ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠬᠡᠷᠬᠢᠨ | ᠨᠡᠮᠡᠭᠳᠡᠭᠦᠯᠬᠦ ᠵᠡᠷᠭᠡ ᠶᠢ ᠭᠤᠣᠯᠳᠠᠯᠭ᠎ᠠ ᠲᠠᠢ ᠣᠶᠢᠯᠠᠭᠠᠪᠠ᠃ ︽ᠤᠭᠤᠲᠠ ᠪᠠᠶᠠᠵᠢᠭᠤᠯᠬᠤ + ᠲᠠᠷᠢᠬᠢ ᠲᠣᠯᠣᠭᠠᠢ ᠪᠠᠨ | ᠪᠠᠶᠠᠵᠢᠭᠤᠯᠬᠤ︾ ᠠᠵᠢᠯᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠲᠣᠰᠬᠤᠨ ᠳᠤ 315 ᠲᠦᠮᠡᠨ ᠲᠥᠭᠦᠷᠢᠭ ᠤᠨ ᠬᠥᠭᠵᠢᠯᠲᠡ ᠶᠢᠨ ᠪᠡᠯᠡ ᠮᠥᠩᠭᠦ ᠶᠢ | ᠨᠠᠶᠢᠳᠠᠪᠤᠷᠢᠵᠢᠭᠤᠯᠤᠨ ᠥᠭᠴᠦ᠂ 354 ᠡᠷᠦᠬᠡ 658 ᠬᠥᠮᠥᠨ ᠤ ᠠᠮᠤᠷ ᠲᠦᠪᠰᠢᠨ ᠤ ᠳᠠᠯᠳᠠ ᠬᠡᠮ᠂ ᠲᠡᠵᠢᠭᠡᠨ | ᠦᠷᠡᠵᠢᠭᠦᠯᠬᠦ ᠵᠡᠷᠭᠡ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ︽ | ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ︾ ᠭᠡᠬᠦ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠠᠵᠢᠯᠯᠠᠭ᠎ᠠ ᠪᠠ ︽ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ | ᠰᠠᠶᠢᠲᠤᠷ ᠶᠠᠷᠢᠬᠤ︾ ᠦᠨᠳᠦᠰᠦᠨ ᠱᠠᠲᠤᠨ ᠤ ᠲᠣᠭᠤᠷᠢᠨ ᠲᠣᠭᠯᠠᠬᠤ ᠠᠵᠢᠯᠯᠠᠭ᠎ᠠ ᠶᠢ ᠡᠷᠭᠢᠯᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠬᠤ ᠶᠢᠨ ᠬᠠᠮᠲᠤ᠂ ᠨᠠᠮ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠦᠨᠳᠦᠰᠦᠨ ᠱᠠᠲᠤᠨ ᠤ ᠠᠷᠠᠳ ᠢᠷᠭᠡᠳ ᠤᠨ ᠳᠤᠮᠳᠠ ᠬᠦᠷᠭᠡᠭᠰᠡᠨ ᠪᠠᠶᠢᠨ᠎ᠠ᠃ | ᠪᠣᠳᠠᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠬᠥᠭᠵᠢᠯᠲᠡ ᠶᠢ ᠠᠬᠢᠭᠤᠯᠪᠠ᠃ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 179 ᠲᠦᠮᠡᠨ ᠲᠥᠭᠦᠷᠢᠭ ᠤᠨ | ᠪᠡᠯᠡ ᠮᠥᠩᠭᠦ ᠣᠷᠣᠭᠤᠯᠵᠤ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠲᠣᠰᠬᠤᠨ ᠤ ᠶᠠᠪᠤᠵᠤ | ᠰᠠᠭᠤᠬᠤ ᠵᠠᠮ ᠢ ᠵᠠᠰᠠᠵᠤ ᠰᠠᠶᠢᠵᠢᠷᠠᠭᠤᠯᠬᠤ ᠶᠢ ᠳᠡᠮᠵᠢᠪᠡ︔ ᠦᠨᠳᠦᠰᠦᠲᠡᠨ ᠨᠦᠭᠦᠳ ᠤᠨ ᠤᠯᠠᠨ ᠲᠦᠮᠡᠨ ᠳᠤ | ᠰᠠᠨᠠᠭ᠎ᠠ ᠠᠮᠤᠷ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠨᠡᠭᠦᠳᠡᠯ | ᠬᠥᠮᠥᠨ ᠠᠮᠠ ᠬᠠᠷᠢᠴᠠᠩᠭᠤᠢ ᠪᠠᠷ ᠲᠥᠪᠯᠡᠷᠡᠭᠰᠡᠨ 8 ᠨᠡᠶᠢᠭᠡᠮ ᠲᠣᠭᠤᠷᠢᠭ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ᠂ ᠡᠳᠦᠷ ᠤᠨ ᠬᠦᠴᠦᠨ ᠤ ᠦᠷᠳᠡᠭᠡ ᠳᠤ︽ᠤᠯᠠᠭᠠᠨ ᠠᠨᠠᠷ ᠤᠨ ᠦᠢᠯᠡᠴᠢᠯᠡᠭᠡᠨ ᠤ | ᠦᠷᠳᠡᠭᠡ︾ᠪᠠᠶᠢᠭᠤᠯᠵᠤ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠤᠨ ᠭᠦᠢᠯᠭᠡᠭᠡᠨ ᠤ ᠪᠡᠯᠡ ᠮᠥᠩᠭᠦ ᠶᠢᠨ | ᠵᠢᠭᠡᠯᠡᠯᠭᠡ ᠣᠯᠬᠤ ᠳᠤ ᠬᠦᠴᠢᠷ ᠪᠠᠶᠢᠬᠤ ᠵᠡᠷᠭᠡ ᠤᠷᠳᠤ ᠬᠤᠭᠤᠴᠠᠭᠠᠨ ᠤ ᠬᠦᠴᠢᠷᠳᠡᠯ ᠲᠠᠢ ᠠᠰᠠᠭᠤᠳᠠᠯ ᠤᠨ | ᠲᠣᠭᠤᠷᠢᠨ ᠳᠤ᠂ 8 ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠳᠤ 300 ᠭᠠᠷᠤᠢ ᠲᠦᠮᠡᠨ | ᠲᠥᠭᠦᠷᠢᠭ ᠤᠨ ᠬᠦᠦ ᠮᠥᠩᠭᠦ ᠥᠭᠴᠦ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ | ᠠᠬᠢᠭᠤᠯᠪᠠ᠃ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠪᠣᠯ ᠭᠤᠣᠯ ᠰᠡᠳᠦᠪᠲᠦ ᠬᠥᠮᠦᠵᠢᠯ ᠤᠨ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠶᠢᠨ ᠴᠢᠨᠠᠷᠲᠠᠢ ᠭᠤᠭᠴᠤᠭ᠎ᠠ ᠪᠣᠯᠣᠨ᠎ᠠ᠂ ᠰᠢᠶᠠᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠢᠯᠡᠳᠬᠡᠵᠡᠭᠡᠭᠰᠡᠨ ᠨᠢ᠂ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠵᠦ᠂ ᠠᠯᠤᠰ ᠬᠡᠳᠦ ᠳᠤ ᠰᠠᠭᠤᠷᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨᠬᠦ ᠪᠣᠳᠠᠲᠠᠢ ᠦᠷ᠎ᠡ ᠪᠦᠲᠦᠮᠵᠢ ᠣᠯᠵᠤ᠂ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃ |