2023 ᠣᠨ ᠤ ︽ᠦᠵᠡᠰᠬᠦᠯᠡᠩᠲᠦ ᠰᠠᠶᠢᠬᠠᠨ ᠶᠣᠣ ᠭᠧᠦ ᠲᠠᠢ ᠤᠴᠠᠷᠠᠬᠤ︾ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠡᠢ
ᠨᠡᠶᠢᠲᠡᠯᠡᠭᠰᠡᠨ ᠴᠠᠭ᠄
2023/11/14
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠭᠤᠣᠯ ᠬᠦᠭ ᠠᠶᠠᠰ ᠢ ᠬᠠᠩᠭᠢᠨᠠᠭᠤᠯᠵᠤ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠪᠢᠴᠢᠯ ᠬᠠᠷᠠᠭᠠᠰᠤ ᠠᠴᠠ ᠶᠣᠣ ᠭᠧᠦ ᠰᠢᠶᠠᠩ ᠤᠨ ᠰᠢᠨ᠎ᠡ ᠳᠦᠷᠰᠦ ᠪᠠᠶᠢᠳᠠᠯ ᠢ ᠤᠯᠠᠨ ᠲᠠᠯ᠎ᠠ ᠠᠴᠠ ᠳᠡᠯᠭᠡᠨ ᠦᠵᠡᠭᠦᠯᠬᠦ ᠶᠢᠨ ᠬᠠᠮᠲᠤ ᠥᠷᠭᠡᠨ ᠤᠯᠠᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠤᠰᠠᠳᠠ᠂ 11 ᠳ᠋ᠦ᠋ᠭᠡᠷ ᠰᠠᠷ᠎ᠠ ᠶᠢᠨ 10  ᠤ ᠡᠳᠦᠷ᠂ ᠶᠣᠣ ᠭᠧᠦ ᠰᠢᠶᠠᠩ ᠤᠨ ᠠᠵᠢᠯᠴᠢᠨ ᠤ ᠡᠪᠯᠡᠯ ᠠᠴᠠ ᠭᠤᠣᠯᠯᠠᠨ ᠡᠷᠬᠢᠯᠡᠵᠦ᠂ ᠶᠣᠣ ᠭᠧᠦ ᠲᠣᠰᠬᠤᠨ᠂ ᠶᠠᠩ ᠫᠦᠸᠧ ᠲᠣᠰᠬᠤᠨ᠂ ᠶᠤᠸᠠᠢ ᠱᠧᠩ ᠰᠢᠶᠠᠩ ᠹᠠᠩ ᠪᠤᠳᠠᠭᠠᠨ ᠼᠤᠤ ᠶᠢᠨ ᠬᠤᠷᠰᠢᠶ᠎ᠠ ᠶᠢᠨ ᠬᠠᠮᠵᠢᠨ ᠡᠷᠬᠢᠯᠡᠭᠰᠡᠨ︽ᠦᠵᠡᠰᠬᠦᠯᠡᠩᠲᠦ ᠰᠠᠶᠢᠬᠠᠨ ᠶᠣᠣ ᠭᠧᠦ ᠲᠠᠢ ᠤᠴᠠᠷᠠᠬᠤ︾ᠭᠡᠷᠡᠯ ᠵᠢᠷᠤᠭ ᠤᠨ ᠦᠵᠡᠭᠦᠯᠦᠯᠭᠡ ᠶᠢ ᠶᠣᠣ ᠭᠧᠦ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠳᠡᠯᠭᠡᠨ ᠦᠵᠡᠭᠦᠯᠵᠡᠢ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠲᠦᠮᠡᠨ ᠪᠠᠶᠢᠨ ᠪᠠᠶᠢᠨ ᠠᠩᠬᠠᠷᠤᠯ ᠢᠶᠠᠨ ᠲᠥᠪᠯᠡᠷᠡᠭᠦᠯᠦᠨ ᠦᠵᠡᠵᠦ ᠪᠠᠶᠢᠯ᠎ᠠ᠃ ᠭᠡᠷᠡᠯ ᠵᠢᠷᠤᠭ ᠤᠨ ᠦᠵᠡᠭᠦᠯᠦᠯᠭᠡ ᠶᠢᠨ ᠭᠤᠣᠯ ᠰᠡᠳᠦᠪ ᠨᠢ ᠢᠯᠡ ᠲᠣᠳᠣ ᠪᠠᠶᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠠᠭᠤᠳᠠᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠵᠡᠷᠭᠡ ᠲᠠᠯ᠎ᠠ ᠪᠠᠷ ᠬᠢ ᠭᠤᠶᠢᠳᠠ ᠰᠠᠶᠢᠬᠠᠨ ᠴᠠᠭ ᠮᠥᠴᠡ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠬᠠᠮᠲᠤᠪᠠᠷ ᠴᠡᠴᠡᠭᠯᠡᠨ ᠬᠥᠭᠵᠢᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠵᠤ᠂ ᠮᠠᠰᠢ ᠴᠢᠩᠭ᠎ᠠ ᠨᠥᠯᠥᠭᠡᠯᠡᠬᠦ ᠬᠦᠴᠦᠨ ᠪᠠ ᠬᠠᠷᠠᠭᠠᠨ ᠰᠡᠷᠡᠯ ᠤᠨ ᠳᠠᠭᠠᠷᠢᠯᠲᠠ ᠶᠢᠨ ᠬᠦᠴᠦᠨ ᠲᠠᠢ ᠪᠣᠯᠤᠭᠰᠠᠨ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠬᠡᠷᠡᠯ ᠵᠢᠷᠤᠭ ᠤᠨ ᠦᠵᠡᠭᠦᠯᠦᠯᠭᠡ ᠶᠢ ᠶᠣᠣ ᠭᠧᠦ ᠰᠢᠶᠠᠩ ᠤᠨ ᠡᠯ᠎ᠡ ᠲᠣᠰᠬᠤᠨ ᠤ ᠨᠠᠮ ᠤᠨ ᠬᠤᠷᠢᠶ᠎ᠠ ᠳᠤ ᠳᠡᠯᠭᠡᠨ ᠦᠵᠡᠭᠦᠯᠬᠦ ᠪᠣᠯᠣᠨ᠎ᠠ᠃      ᠲᠤᠰ ᠤᠳᠠᠭ᠎ᠠ ᠶᠢᠨ ᠲᠣᠭᠤᠷᠢᠨ ᠦᠵᠡᠭᠦᠯᠦᠯᠭᠡ ᠨᠢ ᠤᠯᠠᠨ ᠲᠦᠮᠡᠨ ᠳᠤ ᠨᠤᠲᠤᠭ ᠤᠰᠤᠨ ᠤ ᠪᠠᠨ ᠬᠥᠭᠵᠢᠯᠲᠡ ᠪᠣᠯᠣᠨ ᠬᠤᠪᠢᠷᠠᠯᠲᠠ ᠶᠢ ᠭᠦᠨᠵᠡᠭᠡᠢ ᠣᠶᠢᠯᠠᠭᠠᠭᠤᠯᠵᠤ᠂ ᠤᠯᠠᠨ ᠤ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠪᠠ ᠨᠤᠲᠤᠭ ᠤᠰᠤ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠤᠲᠤᠭ ᠤᠰᠤ ᠪᠠᠨ ᠨᠡᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1