11ᠳ᠋ᠦ᠋ᠭᠡᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠬᠤᠩ | ᠾᠧ ᠪᠠᠯᠭᠠᠰᠤᠨ ᠳᠤ ᠬᠦᠷᠴᠦ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ | ᠰᠤᠳᠤᠯᠬᠤ ᠶᠢᠨ ᠬᠠᠮᠲᠤ᠂︽ᠦᠵᠡᠯ ᠰᠠᠨᠠᠭ᠎ᠠ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ | ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ | ᠰᠤᠷᠤᠯᠴᠠᠯᠭ᠎ᠠ ᠶᠢ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠤᠯᠠᠨ ᠲᠦᠮᠡᠨ ᠳᠤ ᠦᠢᠯᠡᠴᠢᠯᠡᠬᠦ᠂ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ | ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠲᠣᠰᠬᠤᠨ ᠤ ᠠᠷᠠᠳ ᠤᠨ ᠵᠥᠪᠯᠡᠯ ᠳᠤ ᠵᠠᠩ ᠺᠧ ᠯᠢᠩ ᠲᠣᠰᠬᠤᠨ ᠤ ᠨᠠᠮ ᠤᠨ ᠡᠭᠦᠷ ᠤᠨ ᠱᠦᠵᠢ ᠶᠢᠨ | ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠣᠰᠬᠤᠨ ᠤ | ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ ᠲᠠᠢ ᠰᠠᠨᠠᠯ ᠢᠶᠠᠨ ᠰᠣᠯᠢᠯᠴᠠᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ | ᠠᠵᠤ ᠠᠬᠤᠶᠢᠯᠠᠯ ᠤᠨ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠠᠵᠤ | ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ | ᠭᠤᠭᠴᠤᠭ᠎ᠠ ᠮᠥᠨ᠂ ᠮᠥᠨ ᠴᠦ ᠬᠤᠳᠠ ᠬᠥᠳᠡᠭᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠤ ᠡᠬᠢ | ᠰᠤᠷᠪᠤᠯᠵᠢ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠣᠯ ᠰᠡᠳᠦᠪᠲᠦ ᠬᠥᠮᠦᠵᠢᠯ ᠤᠨ | ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠲᠤᠰ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ ᠤᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠭᠠᠵᠠᠷ ᠤᠨ ᠠᠵᠤ ᠦᠢᠯᠡᠰ ᠢ ᠪᠣᠶᠢᠵᠢᠭᠤᠯᠵᠤ᠂ | ᠳᠣᠲᠣᠭᠠᠳᠤ ᠠᠮᠢᠳᠤᠷᠠᠯ ᠤᠨ ᠬᠦᠴᠦᠨ ᠢ ᠨᠡᠮᠡᠭᠳᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ | ᠪᠤᠵᠠᠭᠠᠶᠢᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠶᠢ ᠴᠢᠩᠭᠠᠳᠬᠠᠵᠤ᠂ ᠨᠡᠩ ᠤᠯᠠᠨ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠩ ᠾᠧ ᠪᠠᠯᠭᠠᠰᠤᠨ ᠳᠤ᠂ ᠵᠠᠩ ᠺᠧ ᠯᠢᠩ ᠬᠤᠩ ᠾᠧ ᠪᠠᠯᠭᠠᠰᠤᠨ ᠤ ᠭᠤᠣᠯ ᠰᠡᠳᠦᠪᠲᠦ ᠬᠥᠮᠦᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠶᠠᠭᠠᠬᠢᠵᠤ ᠰᠤᠷᠤᠯᠴᠠᠬᠤ᠂ | ᠶᠠᠭᠤ ᠬᠢᠬᠦ᠂ ᠶᠠᠭᠠᠬᠢᠵᠤ ᠬᠢᠬᠦ︾ᠲᠣᠭᠤᠷᠢᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠤᠨᠤᠯ ᠦᠵᠡᠯ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠬᠤ ᠬᠡᠷᠡᠭᠲᠡᠢ᠃ ᠲᠡᠷᠡ ᠬᠡᠪ ᠢᠶᠠᠷ ᠨᠢ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠥ᠂ ︽ᠨᠠᠮ ᠤᠨ ᠠᠴᠢ ᠶᠢ | ᠣᠶᠢᠯᠠᠭᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠪᠦᠬᠦ ᠲᠠᠯ᠎ᠠ ᠪᠠᠷ ᠰᠤᠷᠤᠯᠴᠠᠬᠤ ᠪᠠ ᠭᠤᠣᠯᠳᠠᠯᠭ᠎ᠠ ᠲᠠᠢ | ᠰᠤᠷᠤᠯᠴᠠᠬᠤ ᠶᠢ ᠤᠶᠠᠯᠳᠤᠭᠤᠯᠵᠤ᠂ ᠶᠠᠭᠤ ᠬᠢᠬᠦ᠂ ᠶᠠᠭᠤ ᠰᠤᠷᠤᠯᠴᠠᠬᠤ᠂ ᠶᠠᠭᠤ ᠳᠤᠲᠠᠭᠳᠠᠬᠤ᠂ ᠶᠠᠭᠤ ᠶᠢ | ᠨᠥᠬᠦᠪᠦᠷᠢᠯᠡᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ︽ᠦᠵᠡᠯ ᠰᠠᠨᠠᠭ᠎ᠠ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ | ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠷᠠᠳ ᠤᠨ | ᠲᠥᠯᠥᠭᠡ ᠦᠢᠯᠡᠴᠢᠯᠡᠬᠦ ᠵᠣᠷᠢᠯᠲᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠲᠤᠰ ᠭᠠᠵᠠᠷ ᠣᠷᠣᠨ ᠤ ᠪᠠᠨ | ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ᠂ ᠤᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ | ᠠᠰᠠᠭᠤᠳᠠᠯ ᠪᠠ ᠪᠠᠶᠢᠴᠠᠭᠠᠨ ᠦᠵᠡᠵᠦ ᠭᠠᠷᠭᠠᠭᠰᠠᠨ ᠠᠰᠠᠭᠤᠳᠠᠯ ᠤᠨ ᠲᠣᠭᠤᠷᠢᠨ ᠳᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠳᠠᠯ ᠢ ᠴᠢᠷᠮᠠᠶᠢᠨ ᠣᠶᠢᠯᠠᠭᠠᠵᠤ᠂ ᠠᠰᠠᠭᠤᠳᠠᠯ ᠢ ᠣᠨᠣᠪᠴᠢᠲᠠᠢ | ᠡᠷᠢᠵᠦ᠂ ᠪᠣᠳᠠᠲᠠᠢ ᠠᠷᠭᠠᠴᠠᠬᠤ ᠪᠣᠳᠣᠯᠭ᠎ᠠ ᠶᠢ ᠳᠤᠷᠠᠳᠴᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠨ᠂ ᠰᠠᠶᠢᠨ | ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ | ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠡᠷᠬᠡᠪᠰᠢ ᠵᠢᠱᠢᠶ᠎ᠡ | ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ︽ᠠᠩᠬᠠᠷᠴᠤ ᠠᠵᠢᠯᠯᠠᠵᠤ︾︽ᠬᠠᠪᠰᠤᠷᠴᠤ ᠠᠵᠢᠯᠯᠠᠵᠤ︾︽ᠲᠦᠷᠦᠭᠦᠯᠡᠨ ᠠᠵᠢᠯᠯᠠᠵᠤ︾᠂ ᠳᠡᠭᠡᠳᠦ | ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ ᠬᠢᠬᠦ᠂ | ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ | ᠲᠤᠭᠤᠰᠢᠯᠠᠭᠤᠯᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠ ᠠᠵᠢᠯᠯᠠᠭ᠎ᠠ ᠪᠠᠷ ᠢᠶᠠᠨ ᠭᠤᠣᠯ ᠰᠡᠳᠦᠪᠲᠦ | ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠩ ᠱᠦᠢ ᠾᠧ ᠰᠢᠶᠠᠨ ᠤ ᠠᠵᠤ | ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠡᠪ ᠳᠠᠭᠤᠷᠢᠶᠠᠯ ᠢ ᠪᠦᠬᠦ | ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠵᠠᠩ ᠺᠧ ᠯᠢᠩ ᠨᠠᠷ ᠱᠧᠩ ᠴᠢᠤᠸᠠᠨ ᠨᠡᠶᠢᠭᠡᠮ | ᠲᠣᠭᠤᠷᠢᠭ ᠲᠤ ᠬᠦᠷᠴᠦ᠂ ᠪᠦᠬᠦ ᠣᠷᠣᠨ ᠤ ᠨᠠᠮ ᠤᠨ ᠳᠣᠲᠣᠭᠠᠳᠤ ᠶᠢᠨ ᠬᠠᠯᠠᠮᠵᠢᠯᠠᠨ ᠲᠡᠳᠬᠦᠬᠦ ᠡᠲᠡᠭᠡᠳ ᠺᠠᠩ | ᠰᠧ ᠾᠧᠦ ᠶᠢ ᠲᠣᠬᠤᠨᠢᠭᠤᠯᠵᠤ᠂ ᠨᠠᠰᠤᠲᠠᠨ ᠤ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠨᠠᠷᠢᠨ | ᠣᠶᠢᠯᠠᠭᠠᠵᠤ᠂ ᠨᠠᠮ ᠤᠨ ᠳᠣᠲᠣᠭᠠᠳᠤ ᠶᠢᠨ ᠬᠠᠯᠠᠮᠵᠢᠯᠠᠨ ᠲᠣᠬᠤᠨᠢᠭᠤᠯᠬᠤ ᠮᠥᠩᠭᠦ ᠬᠦᠷᠭᠡᠵᠦ᠂ ᠨᠠᠰᠤᠲᠠᠶᠢᠴᠤᠳ ᠢ | ᠪᠠᠶᠠᠰᠤᠩᠭᠤᠢ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠡᠪᠡᠳᠴᠢᠨ ᠡᠮᠭᠡᠭ ᠢ ᠡᠷᠲᠡᠬᠡᠨ ᠢᠯᠠᠨ | ᠳᠠᠪᠠᠭ᠋ᠤ ᠶᠢ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠨᠢᠭᠡᠴᠡ᠂ ᠰᠢᠶᠠᠩ ᠪᠠᠯᠭᠠᠰᠤ ᠳᠤ ᠶᠠᠳᠠᠭᠤ | ᠬᠦᠴᠢᠷᠳᠡᠯᠲᠡᠢ ᠨᠠᠮ ᠤᠨ ᠭᠡᠰᠢᠭᠦᠨ ᠤ ᠠᠮᠢᠳᠤᠷᠠᠯ ᠢ ᠢᠯᠡᠭᠦᠬᠡᠨ ᠬᠠᠯᠠᠮᠵᠢᠯᠠᠵᠤ᠂ ᠲᠡᠳᠡᠨ ᠢ ᠬᠠᠪᠰᠤᠷᠤᠨ ᠠᠵᠢᠯ | ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ | ᠦᠨᠡᠨ ᠰᠡᠳᠬᠢᠯ ᠠᠴᠠ ᠪᠠᠨ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠳᠤ ᠪᠣᠳᠠᠲᠠᠢ ᠠᠵᠢᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠡᠳᠡᠨ ᠳᠤ ᠨᠠᠮ ᠤᠨ ᠬᠠᠯᠠᠮᠵᠢᠯᠠᠯ ᠪᠠ ᠵᠣᠬᠢᠶᠠᠨ ᠪᠠᠶᠢᠭᠤᠯᠤᠯᠲᠠ ᠶᠢᠨ | ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃ | |