ᠠᠵᠢᠯ ᠣᠯᠭᠤᠯᠲᠠ ᠶᠢᠨ ᠰᠢᠨ᠎ᠡ ᠠᠶᠠᠯᠠᠯ ᠤᠨ ᠦᠢᠯᠡᠴᠢᠯᠡᠭᠡᠨ ᠤ ᠰᠢᠨ᠎ᠡ ᠵᠠᠮ ︱ ᠴᠢᠩ ᠱᠦᠢ ᠾᠧ ᠰᠢᠶᠠᠨ ᠤ ᠡᠳᠦᠷ ᠤᠨ ᠬᠦᠴᠦ ᠶᠠᠪᠤᠭᠴᠢ ᠶᠢᠨ ᠵᠠᠬ᠎ᠠ ᠳᠡᠯᠭᠡᠭᠦᠷ ᠵᠢᠩᠬᠢᠨᠢ ᠪᠠᠷ ᠨᠡᠭᠡᠭᠡᠪᠡ
ᠨᠡᠶᠢᠲᠡᠯᠡᠭᠰᠡᠨ ᠴᠠᠭ᠄
2023/11/14
      ᠴᠢᠩ ᠱᠦᠢ ᠾᠧ ᠰᠢᠶᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ 2023 ᠣᠨ ᠤ 10 ᠳ᠋ᠤᠭᠠᠷ ᠰᠠᠷ᠎ᠠ ᠳᠤ ᠪᠠᠶᠢᠭᠤᠯᠤᠭᠳᠠᠵᠤ᠂ 11 ᠳ᠋ᠦ᠋ᠭᠡᠷ ᠰᠠᠷ᠎ᠠ ᠶᠢᠨ 1  ᠤ ᠡᠳᠦᠷ ᠠᠴᠠ ᠵᠢᠩᠬᠢᠨᠢ ᠪᠠᠷ ᠨᠡᠭᠡᠭᠡᠭᠳᠡᠪᠡ᠃ ᠵᠠᠬ᠎ᠠ ᠳᠡᠯᠭᠡᠭᠦᠷ ᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠡᠳᠦᠷ ᠤᠨ ᠬᠦᠴᠦᠨ ᠤ ᠠᠵᠢᠯ ᠬᠦᠯᠢᠶᠡᠬᠦ ᠲᠣᠭᠤᠷᠢᠭ ᠪᠠ ᠠᠷᠠᠯᠵᠢᠶᠠᠨ ᠤ ᠵᠥᠪᠳᠡᠯᠴᠡᠭᠡᠨ ᠤ ᠲᠣᠭᠤᠷᠢᠭ ᠭᠠᠷᠭᠠᠵᠤ᠂ ᠠᠵᠢᠯ ᠡᠷᠢᠬᠦ ︵ᠠᠵᠢᠯᠴᠢᠨ ᠬᠡᠷᠡᠭᠯᠡᠬᠦ︶ ᠳᠠᠩᠰᠠᠯᠠᠯ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠵᠡᠷᠭᠡ ᠲᠠᠪᠤᠨ ᠣᠷᠣᠨ ᠲᠣᠭᠤᠷᠢᠭ ᠲᠤ᠂ ᠠᠮᠢᠳᠤᠯᠢᠭ ᠢᠶᠠᠷ ᠠᠵᠢᠯ ᠣᠯᠣᠭᠰᠠᠳ ᠪᠣᠯᠣᠨ ᠠᠵᠢᠯᠴᠢᠨ ᠬᠡᠷᠡᠭᠯᠡᠬᠦ ᠭᠤᠣᠯ ᠴᠣᠭᠴᠠ ᠳᠤ ᠮᠡᠳᠡᠭᠡ ᠵᠠᠩᠭᠢ ᠶᠢ ᠲᠦᠷᠭᠡᠨ ᠨᠡᠶᠢᠲᠡᠯᠡᠬᠦ᠂ ᠲᠤᠬᠠᠢ ᠶᠢᠨ ᠲᠠᠯᠠᠪᠤᠷ ᠲᠤ ᠵᠣᠯᠭᠠᠭᠤᠯᠤᠨ ᠶᠠᠷᠢᠯᠴᠠᠬᠤ᠂ ᠦᠷ᠎ᠡ ᠳ᠋ᠦᠩ ᠢ  ᠨᠢ ᠴᠠᠭ ᠲᠤᠬᠠᠢ ᠳᠤᠨᠢ ᠨᠤᠲᠠᠯᠠᠬᠤ᠂ ᠲᠤᠬᠠᠢ ᠶᠢᠨ ᠡᠳᠦᠷ ᠤᠨ ᠨᠢᠭᠤᠷᠲᠠᠨ ᠰᠢᠯᠭᠠᠯᠲᠠ ᠶᠢᠨ ᠠᠵᠢᠯ ᠤᠨ ᠪᠠᠶᠢᠷᠢ ᠳᠤ ᠭᠠᠷᠬᠤ ᠵᠡᠷᠭᠡ ᠦᠢᠯᠡᠴᠢᠯᠡᠭᠡ ᠬᠠᠩᠭᠠᠵᠤ ᠪᠣᠯᠣᠨ᠎ᠠ᠃ ᠡᠳᠦᠷ ᠤᠨ ᠬᠦᠴᠦᠨ ᠤ ᠠᠵᠢᠯ ᠢ ᠲᠦᠷᠭᠡᠨ ᠵᠣᠯᠭᠠᠭᠤᠯᠬᠤ ᠴᠤᠪᠤᠷᠠᠯ ᠤᠨ ᠭᠠᠷᠳᠠᠮ ᠢ ᠰᠢᠯᠢᠳᠡᠭᠵᠢᠭᠦᠯᠵᠦ᠂ ᠠᠵᠢᠯ ᠡᠷᠢᠬᠦ ᠪᠠ ᠤᠷᠢᠬᠤ ᠳᠠᠩᠰᠠᠯᠠᠯᠲᠠ ᠶᠢᠨ ᠵᠦᠢᠯᠡᠰ ᠢ ᠳᠥᠭᠦᠮᠴᠢᠯᠡᠨ᠂ ᠡᠳᠦᠷ ᠤᠨ ᠬᠦᠴᠦᠨ ᠤ ᠮᠡᠳᠡᠭᠡ ᠵᠠᠩᠭᠢ ᠶᠢ ᠲᠦᠷᠭᠡᠨ ᠨᠡᠶᠢᠲᠡᠯᠡᠬᠦ ᠨᠡᠪᠲᠡᠷᠡᠬᠦ ᠵᠠᠮ ᠢ ᠪᠠᠶᠢᠭᠤᠯᠵᠤ᠂ ᠠᠵᠢᠯ ᠮᠡᠷᠭᠡᠵᠢᠯ ︵ᠠᠵᠢᠯ ᠲᠥᠷᠥᠯ᠂ ᠠᠵᠢᠯ ᠤᠨ ᠪᠠᠶᠢᠷᠢ︶ ᠬᠤᠪᠢᠶᠠᠨ ᠵᠣᠯᠭᠠᠭᠤᠯᠵᠤ ᠵᠥᠪᠳᠡᠯᠴᠡᠬᠦ ᠶᠢ ᠬᠥᠲᠥᠯᠥᠨ ᠵᠢᠯᠤᠭᠤᠳᠴᠤ ᠪᠣᠯᠬᠤ ᠪᠥᠭᠡᠳ ᠪᠠᠰᠠ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠡᠶᠡᠳᠡᠭᠦᠯᠭᠡ᠂ ᠠᠮᠤᠷ ᠢ ᠬᠠᠮᠠᠭᠠᠯᠠᠬᠤ ᠬᠠᠮᠢᠶᠠᠷᠤᠯᠲᠠ ᠵᠡᠷᠭᠡ ᠦᠢᠯᠡᠴᠢᠯᠡᠭᠡ ᠶᠢ ᠬᠠᠩᠭᠠᠵᠤ᠂ ᠪᠥᠬᠦ ᠲᠠᠯ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ᠃      ᠴᠢᠩ ᠱᠦᠢ ᠾᠧ ᠰᠢᠶᠠᠨ ᠤ ᠡᠳᠦᠷ ᠤᠨ ᠬᠦᠴᠦ ᠶᠠᠪᠤᠭᠴᠢ ᠶᠢᠨ ᠵᠠᠬ᠎ᠠ ᠳᠡᠯᠭᠡᠭᠦᠷ ᠢ ᠡᠬᠢᠯᠡᠵᠦ ᠬᠡᠷᠡᠭᠯᠡᠭᠰᠡᠨ  ᠨᠢ ᠮᠠᠨ ᠤ ᠰᠢᠶᠠᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠠᠮᠢᠳᠤᠯᠢᠭ ᠢᠶᠠᠷ ᠠᠵᠢᠯ ᠣᠯᠭᠤᠬᠤ᠂ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠲᠡᠰᠢ ᠤᠯᠠᠮ ᠴᠢᠨᠠᠭᠰᠢᠳᠠ ᠥᠷᠭᠡᠳᠬᠡᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1