ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ ᠰᠣᠪᠢᠯᠠᠯᠲᠠ ᠶᠢᠨ ᠡᠭᠦᠳᠡᠨ ᠡᠮᠨᠡᠯᠭᠡ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2023/11/14
     ︵ᠰᠤᠷᠪᠤᠯᠵᠢᠯᠠᠭᠴᠢ ᠯᠢᠶᠠᠩ ᠵᠢᠩ ᠱᠦ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠠᠳᠠᠯᠢ ᠪᠤᠰᠤ ᠬᠥᠮᠥᠰ ᠤᠨ ᠣᠯᠠᠨ ᠡᠰᠢᠵᠢᠭᠰᠡᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠮᠡᠳᠡᠷᠡᠮᠵᠢ ᠲᠦᠷᠦᠭᠳᠡᠯ ᠢ ᠰᠠᠶᠢᠵᠢᠷᠠᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ  ᠡᠭᠦᠳᠡ ᠪᠠᠨ ᠨᠡᠭᠡᠭᠡᠵᠦ ᠣᠯᠠᠨ ᠲᠦᠮᠡᠨ ᠳᠤ ᠦᠢᠯᠡᠴᠢᠯᠡᠵᠦ ᠡᠬᠢᠯᠡᠯ᠎ᠡ  ᠂ ᠡᠭᠦᠳᠡᠨ ᠡᠮᠨᠡᠯᠭᠡ ᠳᠤ ᠬᠢᠲᠠᠳ ᠡᠮᠨᠡᠯᠭᠡ ᠶᠢᠨ ᠣᠨᠣᠯ ᠤᠨ ᠮᠡᠳᠡᠯᠭᠡ ᠵᠢᠴᠢ ᠡᠮᠴᠢᠯᠡᠭᠡᠨ ᠤ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠰᠤᠪᠢᠯᠠᠭᠴᠢ ᠠᠴᠠ ᠬᠤᠲᠠ ᠶᠢᠨ ᠠᠷᠠᠳ ᠣᠯᠠᠨ ᠳᠤ ᠬᠢᠲᠠᠳ ᠡᠮᠨᠡᠯᠭᠡ ᠶᠢᠨ ᠣᠨᠴᠠᠯᠢᠭᠲᠤ ᠰᠤᠪᠢᠯᠠᠯᠲᠠ ᠶᠢᠨ ᠮᠡᠷᠭᠡᠵᠢᠯ ᠤᠨ ᠡᠮᠴᠢᠯᠡᠭᠡ᠂ ᠰᠡᠳᠬᠢᠯ ᠰᠠᠨᠠᠭᠠᠨ ᠤ ᠰᠤᠪᠢᠯᠠᠯᠲᠠ᠂ ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠶᠡᠷᠦᠩᠬᠡᠶᠢᠯᠡᠭᠰᠡᠨ ᠰᠤᠪᠢᠯᠠᠯᠲᠠ ᠶᠢᠨ ᠦᠢᠯᠡᠴᠢᠯᠡᠭᠡ ᠬᠠᠩᠭᠠᠨ᠎ᠠ᠃      ᠣᠶᠢᠯᠠᠭᠠᠭᠰᠠᠨ ᠢᠶᠠᠷ᠂ ᠡᠭᠦᠳᠡᠨ ᠡᠮᠨᠡᠯᠭᠡ ᠳᠤ 20 ᠭᠠᠷᠤᠢ ᠡᠪᠡᠳᠴᠢᠲᠡᠨ ᠤ ᠣᠷᠣ ᠭᠠᠷᠭᠠᠵᠤ᠂ ᠣᠳᠣᠬᠠᠨ ᠳᠤ ᠨᠢᠭᠡᠨᠲᠡ ᠶᠠᠪᠤᠭᠳᠠᠵᠤ ᠪᠠᠶᠢᠭ᠎ᠠ ᠲᠥᠷᠥᠯ ᠵᠦᠢᠯ ᠳᠤ ᠲᠦᠭᠡᠨᠡᠯᠭᠡ᠂ ᠰᠣᠷᠣᠭᠤᠯ ᠲᠠᠯᠪᠢᠬᠤ᠂ ᠴᠢᠬᠢᠨ ᠪᠠᠯᠴᠢᠷ ᠤᠨ ᠵᠠᠰᠠᠯ᠂ ᠪᠠᠯᠴᠢᠷ ᠤᠨ ᠨᠠᠭᠠᠯᠲᠠ᠂ ᠠᠷᠠᠰᠤᠨ ᠳᠣᠣᠷᠠᠬᠢ ᠵᠡᠭᠦᠦ᠂ ᠴᠠᠩᠬ᠎ᠠ ᠬᠤᠰᠤᠬᠤ᠂ ᠵᠢᠩ ᠲᠠᠯᠪᠢᠬᠤ ᠂ ᠳᠤᠮᠳᠠ ᠳᠠᠪᠲᠠᠮᠵᠢᠲᠤ ᠴᠠᠬᠢᠯᠭᠠᠨ ᠢᠶᠠᠷ ᠵᠠᠰᠠᠬᠤ᠂ ᠴᠢᠰᠤ ᠲᠠᠯᠪᠢᠬᠤ᠂ ᠢᠯᠢᠵᠦ ᠨᠤᠬᠤᠯᠬᠤ ᠵᠡᠷᠭᠡ 20 ᠭᠠᠷᠤᠢ ᠵᠦᠢᠯ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠮᠡᠷᠭᠡᠵᠢᠯ ᠪᠣᠢ᠃      ᠬᠡᠷᠡᠭᠴᠡᠭᠡ ᠱᠠᠭᠠᠷᠳᠠᠯᠭ᠎ᠠ ᠲᠠᠢ ᠡᠪᠡᠳᠴᠢᠲᠡᠨ ᠢ ᠡᠭᠦᠳᠡᠨ ᠡᠮᠨᠡᠯᠭᠡ ᠶᠢᠨ ᠡᠮᠴᠢ ᠠᠴᠠ ᠬᠤᠪᠢᠰᠤᠩᠭᠤᠢ ᠪᠠᠷ ᠣᠨᠣᠰᠢᠯᠠᠭᠰᠠᠨ ᠤ ᠳᠠᠷᠠᠭ᠎ᠠ ᠵᠣᠬᠢᠬᠤ ᠡᠮᠴᠢᠯᠡᠭᠡᠨ ᠤ ᠵᠦᠢᠯ ᠢ ᠭᠠᠷᠭᠠᠵᠤ᠂ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠨ᠎ᠡ᠃ ᠬᠢᠲᠠᠳ ᠡᠮᠨᠡᠯᠭᠡ ᠶᠢᠨ ᠰᠤᠪᠢᠯᠠᠯᠲᠠ ᠶᠢᠨ ᠡᠭᠦᠳᠡᠨ ᠡᠮᠨᠡᠯᠭᠡ ᠨᠢ ᠡᠭᠦᠳᠡᠨ ᠡᠮᠨᠡᠯᠭᠡ ᠶᠢᠨ ᠵᠢᠷᠭᠤᠳᠤᠭᠠᠷ ᠳᠠᠪᠬᠤᠷᠯᠢᠭ ᠤᠨ ᠪᠠᠷᠠᠭᠤᠨ ᠲᠠᠯ᠎ᠠ ᠳᠤ ᠪᠣᠢ᠃  ᠡᠮᠴᠢᠯᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 8᠄ 00 ︱ 12᠄ 00︔ ᠦᠳᠡ ᠶᠢᠨ  ᠬᠤᠶᠢᠨ᠎ᠠ 14᠄ 30 ︱ 17᠄ 30᠃ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ 8᠄ 00 ︱ 12᠄ 00᠃ ᠯᠠᠪᠯᠠᠬᠤ ᠤᠲᠠᠰᠤ᠄ 0471 ︱ 6920291᠃      ᠢᠷᠡᠯᠲᠡ᠄ ᠬᠦᠬᠡᠬᠣᠲᠠ ᠶᠢᠨ ᠡᠳᠦᠷ ᠦᠨ ᠰᠣᠨᠢᠨ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1