ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠪᠡᠳᠴᠢᠨ | ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠬᠡᠬᠤᠲᠠ ᠶᠢᠨ ᠲᠣᠰ ᠱᠠᠲᠤᠨ ᠤ ᠠᠵᠢᠯ ᠠᠴᠠ ᠪᠠᠨ | ᠳᠠᠷᠬᠠᠯᠠᠭᠳᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ | ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠲᠤᠭᠲᠠᠭᠠᠭᠰᠠᠨ ᠦᠨᠳᠦᠰᠦᠯᠡᠯ | ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ | ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 101 ᠳ᠋ᠤᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ | ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠡᠮᠨᠡᠯᠭᠡ ᠳᠤ ᠰᠠᠭᠤᠬᠤ ᠲᠤᠭᠲᠠᠭᠰᠠᠨ | ᠡᠮᠨᠡᠯᠭᠡ ᠶᠢᠨ ᠬᠤᠷᠢᠶ᠎ᠠ ᠶᠢ ᠨᠡᠮᠡᠭᠳᠡᠭᠦᠯᠦᠨ᠎ᠡ᠃ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ ᠨᠠᠰᠤ ᠨᠢ | ᠶᠡᠭᠡ᠂ ᠣᠯᠠᠩᠬᠢ ᠨᠢ ᠰᠠᠭᠤᠷᠢ ᠴᠢᠨᠠᠷᠲᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠲᠠᠢ ᠪᠠᠶᠢᠵᠤ᠂ | ᠡᠮᠨᠡᠯᠭᠡ ᠳᠤ ᠰᠠᠭᠤᠬᠤ ᠴᠠᠭ ᠨᠢ ᠣᠷᠳᠣ ᠪᠠᠶᠢᠳᠠᠭ ᠪᠣᠯᠬᠤᠷ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠤᠨ | ᠡᠪᠡᠳᠴᠢᠨ ᠦᠵᠡᠭᠦᠯᠵᠦ ᠡᠮᠨᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠮᠨᠡᠯᠭᠡ ᠳᠤ ᠰᠠᠭᠤᠬᠤ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ 14 ᠪᠣᠯᠭᠠᠨ ᠨᠡᠮᠡᠭᠳᠡᠭᠦᠯᠪᠡ᠃ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠳᠤᠮᠳᠠᠳᠤ | ᠤᠯᠤᠰ ᠤᠨ ᠠᠷᠠᠳ ᠤᠨ ᠴᠠᠭᠳᠠᠭ᠎ᠠ ᠶᠢᠨ ᠴᠡᠷᠢᠭ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠡᠷᠦᠩᠬᠡᠢ ᠠᠩᠭᠢ ᠶᠢᠨ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠬᠠᠮᠲᠤᠷᠠᠭᠰᠠᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ | 969ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ | ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ | ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ | ᠬᠥᠬᠡᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠷᠪᠡᠳᠦᠭᠡᠷ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠴᠣᠣ ᠵᠢᠥᠢ ᠨᠢᠳᠦᠨ ᠤ ᠡᠮᠨᠡᠯᠭᠡ ᠶᠢᠨ ᠬᠤᠷᠢᠶ᠎ᠠ︶ | ︵ᠬᠤᠶᠠᠷ︶ ᠬᠡᠷᠡᠭᠵᠢᠭᠦᠯᠵᠦ ᠪᠠᠶᠢᠭ᠎ᠠ ︽ᠡᠮ ᠤᠨ ᠵᠦᠢᠯ ᠤᠨ ᠭᠠᠷᠴᠠᠭ︾ ᠢ ᠲᠡᠭᠦᠯᠳᠡᠷᠵᠢᠭᠦᠯᠦᠨ | ᠵᠢᠷᠤᠮᠵᠢᠭᠤᠯᠪᠠ᠃ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠣᠨᠣᠰᠢᠯᠠᠨ ᠡᠮᠨᠡᠬᠦ ᠲᠥᠷᠥᠯ ᠵᠦᠢᠯ ᠤᠨ ᠬᠦᠷᠢᠶ᠎ᠡ | ᠬᠡᠪᠴᠢᠶ᠎ᠡ︾᠂ ︽ᠡᠮᠴᠢᠯᠡᠭᠡᠨ ᠤ ᠦᠢᠯᠡᠴᠢᠯᠡᠭᠡᠨ ᠤ ᠪᠡᠯᠡᠳᠭᠡᠮᠵᠢᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠ | ᠲᠥᠯᠥᠬᠦ ᠪᠠᠷᠢᠮᠵᠢᠶ᠎ᠠ︾ ᠪᠠ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ᠲᠤ ᠨᠡᠶᠢᠴᠡᠭᠰᠡᠨ | ᠪᠠᠶᠢᠬᠤ ᠬᠡᠷᠡᠭᠲᠡᠢ᠂ ᠣᠨᠣᠰᠢᠯᠠᠨ ᠡᠮᠨᠡᠬᠦ ᠲᠥᠷᠥᠯ ᠵᠦᠢᠯ᠂ ᠡᠮ ᠤᠨ ᠵᠦᠢᠯ ᠢ ᠬᠥᠬᠡ ᠬᠥᠬᠡᠭᠴᠢᠨ ᠲᠥᠷᠥᠯ ᠭᠡᠵᠦ | ᠢᠯᠭᠠᠬᠤ ᠦᠭᠡᠢ᠂ ᠰᠢᠭᠤᠳ ᠬᠥᠬᠡ ᠲᠥᠷᠥᠯ ᠢᠶᠠᠷ ᠳ᠋ᠦᠩᠨᠡᠨ ᠪᠤᠳᠤᠵᠤ᠂ ᠭᠠᠷᠴᠠᠭ ᠠᠴᠠ ᠭᠠᠳᠠᠨᠠᠬᠢ ᠣᠨᠣᠰᠢᠯᠠᠨ | ᠡᠮᠨᠡᠬᠦ ᠲᠥᠷᠥᠯ ᠵᠦᠢᠯ ᠪᠠ ᠡᠮ ᠤᠨ ᠵᠦᠢᠯ ᠤᠨ ᠵᠠᠷᠤᠳᠠᠯ ᠢ ᠲᠠᠩᠰᠠ ᠲᠠᠶᠢᠯᠬᠤ ᠦᠭᠡᠢ᠃ | ᠲᠠᠶᠢᠯᠤᠮᠵᠢ ᠬᠢᠭᠰᠡᠨ ᠨᠢ᠄ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ | ᠤᠲᠠᠰᠤ᠄ 0471-2386090 |