10 ᠳ᠋ᠤᠭᠠᠷ ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ | ᠾᠧ ᠰᠢᠶᠠᠨ ᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ | ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ︵ᠥᠷᠭᠡᠳᠬᠡᠭᠰᠡᠨ︶ ᠤᠨ 2023 | ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ | ᠬᠤᠷᠠᠯ ᠠᠴᠠ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ ︱ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾ᠭᠡᠬᠦ ᠲᠤᠰᠬᠠᠢ ᠰᠡᠳᠦᠪᠲᠦ ᠹᠢᠯᠢᠮ ᠢ | ᠲᠥᠪᠯᠡᠷᠡᠭᠦᠯᠦᠨ ᠦᠵᠡᠵᠦ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠪᠦᠷᠢᠯᠳᠦᠭᠦᠨ ᠨᠠᠷ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ︽ᠠᠳᠡᠯ ᠤᠨ ᠰᠤᠷᠭᠠᠮᠵᠢ ᠶᠢ | ᠡᠷᠭᠢᠴᠡᠭᠦᠯᠦᠨ ᠪᠣᠳᠣᠯᠬᠢᠯᠠᠵᠤ᠂ ᠠᠮᠤᠷ ᠲᠦᠪᠰᠢᠨ ᠬᠥᠭᠵᠢᠯᠲᠡ ᠶᠢ ᠠᠬᠢᠭᠤᠯᠬᠤ︾ᠭᠡᠬᠦ ᠰᠣᠯᠢᠯᠴᠠᠭᠠᠨ ᠤ ᠶᠠᠷᠢᠶ᠎ᠠ | ᠲᠠᠯᠪᠢᠵᠠᠢ᠃ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠦᠬᠦ ᠰᠢᠶᠠᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ | ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠭ᠎ᠠ | ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠭᠤᠣᠯᠳᠠᠯᠭ᠎ᠠ ᠲᠠᠢ | ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠭᠦᠨᠵᠡᠭᠡᠢ ᠰᠤᠷᠭᠠᠮᠵᠢ ᠠᠪᠴᠤ᠂ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ | ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠬᠡᠷᠡᠭᠵᠢᠭᠦᠯᠵᠦ᠂︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠠᠳᠬᠤᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠨᠢ ᠬᠤᠪᠢ ᠬᠥᠮᠥᠨ ᠤ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠤᠨ ᠰᠤᠳᠤᠯᠤᠨ ᠶᠠᠷᠢᠯᠴᠠᠵᠤ | ᠰᠣᠯᠢᠯᠴᠠᠬᠤ ᠬᠡᠯᠪᠡᠷᠢ ᠪᠠᠷ ᠶᠠᠪᠤᠭᠳᠠᠪᠠ᠃ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠪᠦᠷᠢᠯᠳᠦᠭᠦᠨ ᠰᠢ ᠶᠢᠨ | ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠥᠪᠡᠷ ᠢᠶᠠᠨ ᠰᠤᠷᠤᠯᠴᠠᠵᠠᠢ︔︽ᠪᠦᠬᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂︽ᠣᠷᠣᠨ ᠨᠤᠲᠤᠭ ᠤᠨ ᠨᠠᠮ ᠵᠠᠰᠠᠭ ᠤᠨ | ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾᠂ | ︽ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ︿ᠠᠷᠪᠠᠨ ᠲᠠᠪᠤᠨ ᠵᠤᠷᠪᠤᠰ | ᠬᠠᠲᠠᠭᠤ ᠠᠷᠭ᠎ᠠ ᠬᠡᠮᠵᠢᠶ᠎ᠡ﹀︾ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠡ ᠰᠡᠳᠬᠢᠯ ᠢᠶᠠᠷ ᠰᠤᠳᠤᠯᠤᠨ | ᠤᠩᠰᠢᠪᠠ᠃ | ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠡᠯ᠎ᠡ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠣᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ |