ᠴᠢᠩ ᠱᠦᠢ ᠾᠧ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︽ᠭᠤᠣᠯ ᠰᠡᠳᠦᠪᠲᠦ ᠬᠥᠮᠦᠵᠢᠯ ᠢ ᠠᠵᠤ ᠠᠬᠤᠶᠢᠯᠠᠯ ᠳᠤ ᠣᠷᠣᠭᠤᠯᠵᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠵᠦ ᠬᠥᠭᠵᠢᠯᠲᠡ ᠶᠢ ᠠᠬᠢᠭᠤᠯᠤᠨ᠎ᠠ︾ᠵᠢᠴᠢ 2023 ᠣᠨ ᠤ ᠳᠥᠷᠪᠡᠳᠦᠭᠡᠷ ᠤᠯᠠᠷᠢᠯ ᠤᠨ ᠵᠢᠵᠢᠭᠦᠷ ᠲᠡᠷᠢᠭᠦᠯᠡᠭᠴᠢ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/11/2
      10 ᠳ᠋ᠤᠭᠠᠷ ᠰᠠᠷ᠎ᠠ ᠶᠢᠨ 31  ᠤ ᠡᠳᠦᠷ᠂ ᠴᠢᠩ ᠱᠦᠢ ᠾᠧ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠥᠪᠥᠷ ᠮᠣᠩᠭᠤᠯ ᠤᠨ ᠲᠢᠶᠠᠨ ᠬᠤᠤ ᠱᠦᠢᠨᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ︽ᠭᠤᠣᠯ ᠰᠡᠳᠦᠪᠲᠦ ᠬᠥᠮᠦᠵᠢᠯ ᠢ ᠠᠵᠤ ᠠᠬᠤᠶᠢᠯᠠᠯ ᠳᠤ ᠣᠷᠣᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠵᠦ ᠬᠥᠭᠵᠢᠯᠲᠡ ᠶᠢ ᠠᠬᠢᠭᠤᠯᠤᠨ᠎ᠠ︾ᠵᠢᠴᠢ 2023 ᠣᠨ ᠤ ᠳᠥᠷᠪᠡᠳᠦᠭᠡᠷ ᠤᠯᠠᠷᠢᠯ ᠤᠨ ᠵᠢᠵᠢᠭᠦᠷ ᠲᠡᠷᠢᠭᠦᠯᠡᠭᠴᠢ ᠶᠢᠨ ᠠᠵᠢᠯᠯᠠᠭ᠎ᠠ ᠶᠢ ᠥᠷᠨᠢᠭᠦᠯᠪᠡ᠃ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ ᠤᠨ ᠲᠥᠯᠥᠭᠡᠯᠡᠭᠴᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ᠂ ᠰᠢᠨ᠎ᠡ ᠳᠠᠪᠬᠤᠷᠭ᠎ᠠ ᠶᠢᠨ ᠬᠥᠮᠥᠰ ᠤᠨ ᠲᠥᠯᠥᠭᠡᠯᠡᠭᠴᠢ᠂ ᠠᠵᠤ ᠠᠬᠤᠶᠢᠯᠠᠯ ᠤᠨ ᠨᠠᠮ ᠤᠨ ᠡᠭᠦᠷ ᠤᠨ ᠨᠠᠮ ᠤᠨ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
     ᠬᠤᠷᠠᠯ ᠠᠴᠠ ᠰᠢ ᠶᠢᠨ ᠫᠢᠩ  ᠤᠨ ᠳᠤᠮᠳᠠᠳᠤ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ᠂ ᠰᠢ ᠶᠢᠨ ᠫᠢᠩ ᠠᠴᠠ ᠡᠸᠦ᠋ᠷᠦᠫᠡ ᠠᠮᠧᠷᠢᠺᠠ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 110 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ᠂ ᠰᠢ ᠶᠢᠨ ᠫᠢᠩ ᠶᠡᠷᠦᠩᠬᠡᠢ ᠱᠦᠵᠢ ᠶᠢᠨ ᠭᠤᠷᠪᠠᠳᠤᠭᠠᠷ ᠬᠤᠭᠤᠴᠠᠭᠠᠨ ᠤ︽ᠨᠢᠭᠡ ᠪᠦᠰᠡ ᠨᠢᠭᠡ ᠵᠠᠮ︾  ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ᠢᠯᠡᠳᠬᠡᠯ ᠵᠢᠴᠢ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ᠵᠡᠷᠭᠡ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃︽ᠭᠤᠣᠯ ᠰᠡᠳᠦᠪᠲᠦ ᠬᠥᠮᠦᠵᠢᠯ ᠢ ᠠᠵᠤ ᠠᠬᠤᠶᠢᠯᠠᠯ ᠳᠤ ᠣᠷᠣᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠴᠢᠯᠡᠵᠦ ᠬᠥᠭᠵᠢᠯᠲᠡ ᠶᠢ ᠠᠬᠢᠭᠤᠯᠬᠤ︾ᠠᠵᠢᠯᠯᠠᠭ᠎ᠠ᠂ ︽ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠭᠠᠷ ᠬᠤᠯᠪᠣᠨ ᠰᠡᠳᠬᠢᠯ ᠢᠶᠠᠨ ᠨᠢᠭᠡᠳᠬᠡᠵᠦ ᠬᠥᠭᠵᠢᠯᠲᠡ ᠶᠢ ᠠᠬᠢᠭᠤᠯᠬᠤ︾ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠪᠣᠯᠣᠨ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ︾ᠭᠡᠬᠦ ᠲᠤᠰᠬᠠᠢ ᠰᠡᠳᠦᠪᠲᠦ ᠨᠠᠮ ᠤᠨ ᠬᠢᠴᠢᠶᠡᠯ ᠢ ᠥᠷᠨᠢᠭᠦᠯᠦᠭᠰᠡᠨ ᠪᠥᠭᠡᠳ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃ᠥᠪᠥᠷ ᠮᠣᠩᠭᠤᠯ ᠤᠨ ᠱᠧᠩ ᠯᠢ ᠡᠬᠢ ᠪᠠᠶᠠᠯᠢᠭ ᠤᠨ ᠪᠦᠯᠦᠭᠯᠡᠯ ᠤᠨ ᠬᠤᠩ ᠴᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠸᠠᠩ ᠯᠢ ᠪᠣᠯᠣᠨ ᠥᠪᠥᠷ ᠮᠣᠩᠭᠤᠯ ᠤᠨ ᠲᠢᠶᠠᠨ ᠬᠤᠤ ᠱᠦᠢᠨᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠢᠶᠠᠨ ᠬᠤᠩ ᠵᠢᠤᠸᠠᠨ ᠬᠤᠶᠠᠷ ᠬᠥᠳᠡᠯᠮᠦᠷᠢ ᠶᠢᠨ ᠵᠢᠱᠢᠶᠡᠴᠢ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠬᠤᠪᠢᠶᠠᠯᠴᠠᠪᠠ᠃ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠲᠢᠶᠠᠨ ᠬᠤᠤ ᠱᠦᠢᠨᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ ᠬᠥᠭᠵᠢᠯᠲᠡ ᠶᠢᠨ ᠶᠠᠪᠤᠴᠠ᠂ ᠠᠵᠤ ᠠᠬᠤᠶᠢᠯᠠᠯ ᠤᠨ ᠰᠣᠶᠣᠯ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠨᠣᠯ ᠤᠨ ᠰᠤᠷᠤᠯᠴᠠᠯᠭ᠎ᠠ ᠶᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠵᠤ ᠦᠢᠯᠡ ᠠᠵᠢᠯᠯᠠᠭ᠎ᠠ ᠳᠤ ᠬᠠᠳᠠᠩᠰᠢᠭᠤᠯᠬᠤ ᠳᠡᠭᠡᠷ᠎ᠡ ᠳᠠᠬᠢᠨ ᠭᠦᠨ ᠬᠦᠴᠦ ᠣᠷᠣᠭᠤᠯᠵᠤ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠪᠤᠷᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠶᠢ ᠬᠠᠮᠲᠤᠪᠠᠷ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠬᠥᠮᠦᠵᠢᠯ ᠢᠶᠠᠷ ᠪᠦᠬᠦ ᠠᠵᠢᠯᠲᠠᠳ ᠤᠨ ᠰᠤᠷᠤᠯᠴᠠᠯᠭ᠎ᠠ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠷᠢᠶᠡᠨ ᠳᠤ ᠦᠨᠳᠦᠰᠦᠯᠡᠭᠦᠯᠬᠦ ᠬᠡᠷᠡᠭᠲᠡᠢ᠃ᠥᠷᠭᠡᠨ ᠤᠯᠠᠨ ᠠᠵᠤ ᠠᠬᠤᠶᠢᠯᠠᠯᠲᠠᠳ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠬᠡᠯᠬᠢᠶ᠎ᠡ ᠶᠢ ᠬᠦᠴᠦᠷᠬᠡᠭᠵᠢᠭᠦᠯᠵᠦ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠬᠤ ᠪᠠᠷ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ᠂ ᠴᠢᠩ ᠱᠦᠢ ᠾᠧ ᠰᠢᠶᠠᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ︽ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠵᠢᠱᠢᠶ᠎ᠡ ᠦᠵᠡᠭᠦᠯᠬᠦ ᠪᠠᠷ ᠴᠢᠷᠮᠠᠶᠢᠵᠤ᠂ ᠡᠮᠦᠨ᠎ᠡ ᠡᠩᠨᠡᠭᠡᠨ ᠳᠤ ᠶᠠᠪᠤᠬᠤ︾ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1