ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/2
      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ 10 ᠳ᠋ᠤᠭᠠᠷ ᠰᠠᠷ᠎ᠠ ᠶᠢᠨ 31 ᠤ ᠡᠳᠦᠷ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠴᠢᠩ ᠱᠦᠢ ᠾᠧ ᠰᠢᠶᠠᠨ ᠤ ᠵᠡᠭᠦᠨ ᠭᠠᠷᠬᠤ ᠡᠭᠦᠳᠡ ︵ᠳ᠋ᠦᠩ ᠵᠢᠩ ᠶᠤᠸᠠᠨ ᠬᠡᠰᠡᠭ︶ ᠶᠢᠨ ᠬᠤᠲᠠ  ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠪᠠ ᠴᠧᠩ ᠭᠤᠸᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠣᠷᠣᠵᠤ ᠭᠠᠷᠬᠤ ᠡᠭᠦᠳᠡ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠪᠠᠨ ᠰᠠᠶᠢᠲᠤᠷ ᠠᠩᠬᠠᠷᠴᠤ᠂ ᠬᠦᠨᠳᠦ ᠬᠡᠴᠡᠭᠦᠦ ᠪᠠᠶᠢᠳᠠᠯ ᠢ ᠲᠣᠳᠣᠷᠬᠠᠢ ᠲᠠᠨᠢᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠰᠡᠳᠬᠢᠯᠭᠡ ᠶᠢ ᠭᠦᠢᠴᠡᠳ ᠲᠠᠨᠢᠵᠤ᠂ ᠪᠦᠬᠦ ᠵᠢᠯ ᠤᠨ ᠬᠠᠷᠠᠯᠲᠠᠲᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠲᠤᠯᠠᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠭᠤᠣᠯ ᠴᠣᠭᠴᠠ ᠶᠢᠨ ᠭᠤᠣᠯ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠠᠰᠠᠭᠤᠳᠠᠯ ᠢ ᠪᠣᠳᠠᠲᠠᠢ ᠪᠠᠷ ᠢᠯᠡᠷᠡᠭᠦᠯᠵᠦ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠠᠵᠢᠯ ᠤᠨ ᠨᠠᠷᠢᠨ ᠲᠥᠰᠥᠯ ᠢ ᠲᠣᠭᠲᠠᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠠᠰᠠᠭᠤᠳᠠᠯ ᠳᠤ ᠴᠢᠭᠯᠡᠭᠦᠯᠦᠨ ᠠᠯᠳᠠᠰᠢ ᠭᠠᠷᠬᠤ ᠶᠢ ᠬᠤᠷᠢᠭᠯᠠᠵᠤ᠂ ᠲᠣᠭᠲᠠᠴᠠ ᠶᠢ ᠪᠠᠶᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠦᠵᠡᠰᠬᠦᠯᠡᠩᠲᠦ ᠰᠠᠶᠢᠬᠠᠨ ᠴᠢᠩ ᠱᠦᠢ ᠾᠧ ᠶᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1