ᠨᠠᠮ ᠤᠨ ᠠᠴᠢ ᠶᠢ ᠰᠠᠨᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠰᠣᠩᠭᠤᠳᠠᠭ ᠵᠣᠬᠢᠶᠠᠯ ᠢ ᠤᠩᠰᠢᠵᠤ ᠬᠢᠲᠠᠳ ᠦᠰᠦᠭ ᠢ ᠪᠢᠴᠢᠵᠦ ᠰᠣᠶᠣᠯ ᠢ ᠵᠠᠯᠭᠠᠮᠵᠢᠯᠠᠨ᠎ᠠ ︱ ᠴᠢᠩ ᠱᠦᠢ ᠾᠧ ᠰᠢᠶᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠢᠲᠠᠳ ᠦᠰᠦᠭ ᠢ ᠰᠣᠨᠣᠰᠴᠤ ᠪᠢᠴᠢᠬᠦ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2023/11/2
      ᠬᠢᠲᠠᠳ ᠦᠰᠦᠭ ᠲᠤ ᠳᠤᠮᠳᠠᠳᠤ ᠶᠢᠨ ᠪᠣᠯᠪᠠᠰᠤᠨ ᠤ ᠮᠢᠩᠭᠠᠨ ᠣᠨ ᠤ ᠤᠶᠤᠨ ᠤᠬᠠᠭᠠᠨ ᠠᠭᠤᠯᠤᠭᠳᠠᠵᠤ ᠪᠠᠶᠢᠳᠠᠭ᠂ ᠲᠡᠷᠡ ᠪᠣᠯ ᠮᠠᠨ ᠤ ᠦᠨᠳᠦᠰᠦᠲᠡᠨ ᠤ ᠣᠮᠣᠭᠰᠢᠯ ᠪᠠ ᠦᠨᠡᠲᠦ ᠡᠷᠳᠡᠨᠢ ᠮᠥᠨ᠃10 ᠳ᠋ᠤᠭᠠᠷ ᠰᠠᠷ᠎ᠠ ᠶᠢᠨ 31 ᠤ ᠡᠳᠦᠷ᠂ ᠴᠢᠩ ᠱᠦᠢ ᠾᠧ ᠰᠢᠶᠠᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠴᠢᠩ ᠱᠦᠢ ᠾᠧ ᠰᠢᠶᠠᠨ ᠤ ᠳᠥᠷᠪᠡᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠢᠲᠠᠳ ᠥᠰᠥᠭ ᠰᠣᠨᠣᠰᠴᠤ ᠪᠢᠴᠢᠬᠦ ᠤᠷᠤᠯᠳᠤᠭᠠᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ 18 ᠲᠥᠯᠥᠭᠡᠯᠡᠭᠴᠢᠳ ᠤᠨ ᠠᠩᠭᠢ ᠶᠢᠨ 90 ᠰᠤᠷᠤᠭᠴᠢ ᠵᠢᠴᠢ 20 ᠪᠠᠭᠰᠢ ᠤᠷᠤᠯᠳᠤᠭᠠᠨ ᠳᠤ ᠣᠷᠣᠯᠴᠠᠵᠤ᠂ ᠬᠢᠲᠠᠳ ᠦᠰᠦᠭ ᠤᠨ ᠷᠢᠳᠢ ᠰᠢᠳᠢ ᠶᠢ ᠬᠠᠮᠲᠤᠪᠠᠷ ᠮᠡᠳᠡᠷᠡᠪᠡ᠃
     ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ᠂ ᠪᠠᠭᠰᠢ ᠰᠤᠷᠤᠭᠴᠢᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠ ᠬᠢᠲᠠᠳ ᠦᠰᠦᠭ ᠤᠨ ᠲᠤᠬᠠᠢ ᠥᠪᠡᠷᠮᠢᠴᠡ ᠣᠶᠢᠯᠠᠭᠠᠯᠲᠠ ᠪᠠᠷ ᠢᠶᠠᠨ ᠬᠢᠲᠠᠳ ᠦᠰᠦᠭ ᠤᠨ ᠬᠥᠭ ᠠᠶᠠᠰ ᠪᠠ ᠤᠷᠠᠨ ᠰᠠᠨᠠᠭ᠎ᠠ ᠶᠢ ᠪᠦᠷᠢᠨ ᠭᠦᠢᠴᠡᠳ ᠢᠯᠡᠷᠡᠭᠦᠯᠵᠦ᠂ ᠥᠪᠡᠷ ᠤᠨ ᠭᠡᠰᠡᠨ ᠪᠥᠭᠡᠳ ᠬᠥᠮᠥᠰ ᠢ ᠭᠠᠶᠢᠬᠠᠰᠢ ᠠᠯᠳᠠᠭᠤᠯᠤᠮ᠎ᠠ ᠢᠷᠠᠭᠤ ᠬᠠᠭᠤᠳᠠᠰᠤ ᠨᠤᠭᠤᠳ ᠢ ᠪᠢᠴᠢᠭᠰᠡᠨ ᠪᠠᠶᠢᠨ᠎ᠠ᠃ᠡᠭᠦᠨ ᠤ ᠬᠠᠮᠲᠤ᠂ ᠦᠭᠡ ᠬᠡᠯᠡᠯᠭᠡ ᠶᠢ ᠰᠣᠨᠣᠰᠴᠤ ᠪᠢᠴᠢᠬᠦ᠂ ᠡᠷᠲᠡᠨ ᠤ ᠰᠢᠯᠦᠭ ᠵᠣᠬᠢᠶᠠᠯ ᠢ ᠨᠥᠬᠦᠪᠦᠷᠢᠯᠡᠬᠦ᠂ ᠵᠢᠷᠤᠭ ᠦᠵᠡᠵᠦ ᠰᠢᠯᠦᠭ ᠥᠭᠦᠯᠡᠪᠦᠷᠢ ᠪᠢᠴᠢᠬᠦ ᠵᠡᠷᠭᠡ ᠬᠡᠯᠪᠡᠷᠢ ᠪᠠᠷ ᠮᠡᠳᠡᠯᠭᠡ ᠶᠢᠨ ᠴᠢᠨᠠᠷ᠂ ᠰᠣᠨᠢᠷᠬᠠᠯᠲᠤ ᠴᠢᠨᠠᠷ ᠢ ᠨᠢᠭᠡᠳᠬᠡᠵᠦ᠂ ᠪᠠᠭᠰᠢ ᠰᠤᠷᠤᠭᠴᠢᠳ ᠢ ᠬᠢᠲᠠᠳ ᠦᠰᠦᠭ ᠤᠨ ᠳᠠᠯᠠᠢ ᠲᠠᠩᠭᠢᠰ ᠢᠶᠠᠷ ᠵᠤᠭᠠᠴᠠᠭᠤᠯᠵᠤ᠂ ᠨᠢᠭᠡ ᠤᠳᠠᠭᠠᠨ ᠤ ᠤᠳᠬ᠎ᠠ ᠠᠭᠤᠯᠭ᠎ᠠ ᠲᠠᠢ ᠰᠣᠶᠣᠯ ᠤᠨ ᠠᠶᠠᠯᠠᠯ ᠢ ᠪᠡᠶ᠎ᠡ ᠪᠠᠷ ᠢᠶᠠᠨ ᠥᠩᠭᠡᠷᠡᠭᠦᠯᠵᠡᠢ᠃
     ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠵᠢᠴᠢ ᠪᠠᠭᠰᠢ ᠶᠢᠨ ᠳᠤᠭᠤᠶᠢᠯᠠᠩ ᠭᠡᠵᠦ ᠳᠥᠷᠪᠡ ᠠᠩᠭᠢᠯᠠᠵᠤ᠂ ᠬᠠᠮᠲᠤ ᠶᠢᠨ ᠤᠷᠤᠯᠳᠤᠭᠠᠨ ᠪᠠ ᠬᠤᠪᠢ ᠬᠥᠮᠥᠨ ᠤ ᠤᠷᠤᠯᠳᠤᠭᠠᠨ ᠭᠡᠬᠦ ᠬᠤᠶᠠᠷ ᠵᠦᠢᠯ ᠤᠨ ᠬᠡᠯᠪᠡᠷᠢ ᠪᠠᠷ ᠶᠠᠪᠤᠭᠳᠠᠭᠤᠯᠪᠠ᠃ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ ᠡᠴᠦᠰ ᠲᠡᠭᠡᠨ ᠴᠧᠩ ᠭᠤᠸᠠᠨ ᠤ ᠨᠢᠭᠡᠳᠦᠭᠡᠷ ᠪᠠᠭ᠎ᠠ ᠲᠥᠯᠥᠭᠡᠯᠡᠭᠴᠢᠳ ᠤᠨ ᠠᠩᠭᠢ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠪᠦᠯᠬᠦᠮ ᠤᠨ ᠤᠷᠤᠯᠳᠤᠭᠠᠨ ᠳᠤ ᠲᠤᠰ ᠲᠤᠰ ᠮᠠᠩᠯᠠᠶᠢᠯᠠᠪᠠ︔ᠭᠦᠸᠧ ᠵᠢᠶᠠ ᠢᠦᠢ᠂ ᠸᠠᠩ ᠶᠠᠩ ᠹᠠᠨ᠂ ᠦ᠋ ᠢᠦᠢ ᠶᠠᠩ ᠲᠤᠰ ᠲᠤᠰ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠤᠪᠢ ᠬᠥᠮᠥᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ︔ᠲᠢᠶᠠᠨ ᠱᠦ ᠢᠦᠢ ᠪᠠᠭᠰᠢ ᠶᠢᠨ ᠳᠤᠭᠤᠶᠢᠯᠠᠩ ᠤᠨ ᠬᠤᠪᠢ ᠬᠥᠮᠥᠨ ᠤ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃      ᠬᠤᠶᠢᠰᠢᠳᠠ ᠮᠠᠨ ᠤ ᠰᠢᠶᠠᠨ ᠬᠢᠲᠠᠳ ᠦᠰᠦᠭ ᠤᠨ ᠰᠣᠶᠣᠯ ᠤᠨ ᠤᠬᠢ ᠰᠣᠳᠣ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠥᠨᠢ ᠤᠳᠠᠭᠠᠨ ᠲᠤᠭᠤᠰᠢᠯᠠᠭᠤᠯᠵᠤ᠂ ᠤᠳᠬ᠎ᠠ ᠭᠦᠨ ᠦᠰᠦᠭ ᠪᠢᠴᠢᠭ ᠪᠠ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠤᠯᠤᠰ ᠤᠨ ᠰᠣᠶᠣᠯ ᠢ ᠤᠯᠠᠮ ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1