ᠴᠢᠩ ᠱᠦᠢ ᠾᠧ ᠰᠢᠶᠠᠨ ᠪᠣᠯᠣᠨ ᠳᠥᠷᠪᠡᠳ ᠬᠤᠰᠢᠭᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠥᠪᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2023/11/22
       11 ᠳ᠋ᠦ᠋ᠭᠡᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠯᠡᠯᠴᠡᠭᠡᠷ ᠲᠣᠭᠲᠠᠵᠤ᠂ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠴᠧᠨ ᠬᠤᠷᠴᠠ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠧᠢ ᠳ᠋ᠠᠢ ᠴᠢᠩ ᠬᠠᠮᠲᠤ ᠪᠠᠷ ᠭᠡᠷ᠎ᠡ ᠲᠣᠭᠲᠠᠬᠤ ᠶᠢ ᠭᠡᠷᠡᠴᠢᠯᠡᠪᠡ᠃
     ᠡᠨᠡ ᠤᠳᠠᠭ᠎ᠠ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠥᠪᠯᠡᠯᠴᠡᠭᠡᠷ ᠲᠣᠭᠲᠠᠭᠰᠠᠨ ᠨᠢ ᠬᠤᠶᠠᠷ ᠲᠠᠯ᠎ᠠ ᠶᠢᠨ ᠠᠵᠤ ᠦᠢᠯᠡᠳᠪᠦᠷᠢ ᠶᠢᠨ ᠠᠵᠤ ᠠᠬᠤᠢ᠂ ᠠᠮᠢ ᠠᠬᠤᠢ ᠶᠢᠨ ᠲᠠᠷᠢᠶᠠᠯᠠᠩ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠤᠯᠠᠨ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠠᠵᠤ ᠦᠢᠯᠡᠳᠪᠦᠷᠢ ᠶᠢᠨ ᠠᠵᠤ ᠠᠬᠤᠢ ᠶᠢᠨ ᠲᠠᠯ᠎ᠠ ᠪᠠᠷ᠂ ᠬᠤᠶᠠᠷ ᠲᠠᠯ᠎ᠠ ᠪᠠᠷ ᠢᠶᠠᠨ ᠢᠳᠡᠪᠬᠢᠲᠡᠢ ᠬᠦᠴᠦᠲᠡᠢ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠠᠵᠢᠯᠲᠠᠨ ᠤ ᠮᠡᠷᠭᠡᠵᠢᠯ ᠤᠨ ᠰᠣᠯᠢᠯᠴᠠᠭ᠎ᠠ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠡᠪᠴᠡᠯᠳᠦᠯ᠂ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠬᠤ ᠵᠡᠷᠭᠡ ᠬᠦᠷᠢᠶᠡᠨ ᠤ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ︔ ᠠᠮᠢ ᠠᠬᠤᠢ ᠶᠢᠨ ᠬᠥᠳᠡᠭᠡ ᠠᠵᠤ ᠠᠬᠤᠢ ᠶᠢᠨ ᠲᠠᠯ᠎ᠠ ᠪᠠᠷ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠤᠨ ᠬᠥᠳᠡᠭᠡ ᠠᠵᠤ ᠠᠬᠤᠢ ᠶᠢᠨ ᠲᠣᠮᠣ ᠰᠢᠶᠠᠨ ᠤ ᠬᠥᠭᠵᠢᠯᠲᠡ ᠶᠢᠨ ᠣᠨᠴᠠᠯᠢᠭ ᠢ ᠪᠠᠳᠠᠷᠠᠭᠤᠯᠵᠤ᠂ ᠬᠠᠮᠲᠤᠷᠠᠯᠴᠠᠭᠠᠨ ᠤ ᠣᠷᠣᠨ ᠵᠠᠢ ᠶᠢ ᠢᠳᠡᠪᠬᠢᠲᠡᠢ ᠥᠷᠭᠡᠳᠬᠡᠵᠦ᠂ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠦᠷᠳᠡᠭ ᠢ ᠠᠭᠤᠳᠠᠯᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ︔ ᠰᠣᠶᠣᠯ ᠵᠢᠭᠤᠯᠴᠢᠯᠠᠯ ᠤᠨ ᠲᠠᠯ᠎ᠠ ᠪᠠᠷ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠲᠡᠦᠬᠡ ᠰᠣᠶᠣᠯ ᠪᠣᠯᠣᠨ ᠵᠢᠭᠤᠯᠴᠢᠯᠠᠯ ᠤᠨ ᠡᠬᠢ ᠪᠠᠶᠠᠯᠢᠭ ᠲᠠᠭᠠᠨ ᠰᠠᠭᠤᠷᠢᠯᠠᠵᠤ᠂ ᠬᠤᠶᠠᠷ ᠭᠠᠵᠠᠷ ᠤᠨ ᠰᠣᠶᠣᠯ ᠤᠨ ᠦᠢᠯᠡᠰ ᠪᠣᠯᠣᠨ ᠵᠢᠭᠤᠯᠴᠢᠯᠠᠯ ᠤᠨ ᠦᠢᠯᠡᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠮᠦᠽᠧᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠪᠴᠠᠩ ᠤᠨ ᠠᠴᠢᠶᠠᠯᠠᠪᠤᠷᠢ ᠶᠢ ᠠᠰᠢᠭᠯᠠᠨ ᠬᠤᠶᠠᠷ ᠭᠠᠵᠠᠷ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠪᠣᠯᠣᠨ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠬᠤᠶᠠᠷ ᠭᠠᠵᠠᠷ ᠤᠨ ᠰᠣᠶᠣᠯ ᠪᠣᠯᠣᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠦᠨ᠎ᠡ᠃
     ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠵᠤ᠂ ᠬᠤᠶᠠᠷ ᠲᠠᠯ᠎ᠠ ᠪᠠᠷ ᠢᠶᠠᠨ ᠬᠠᠷᠢᠶ᠎ᠠ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠤᠯᠠᠨ ᠲᠦᠮᠡᠨ ᠤ ᠪᠦᠯᠬᠦᠮ ᠤᠨ ᠠᠵᠢᠯ ᠲᠦᠷᠦᠯ ᠢᠶᠠᠷ ᠢᠶᠠᠨ ᠬᠠᠮᠵᠢᠯᠴᠠᠬᠤ ᠬᠠᠷᠢᠯᠴᠠᠭ᠎ᠠ ᠪᠠᠶᠢᠭᠤᠯᠬᠤ ᠶᠢ ᠢᠳᠡᠪᠬᠢᠲᠡᠢ ᠰᠠᠨᠠᠭᠠᠴᠢᠯᠠᠬᠤ ᠶᠢᠨ ᠬᠠᠮᠲᠤ ᠠᠬᠢᠭᠤᠯᠵᠤ᠂ ᠲᠤᠰᠬᠠᠢ ᠬᠥᠮᠥᠨ ᠢᠶᠠᠷ ᠬᠤᠯᠪᠣᠭᠳᠠᠯ ᠪᠦᠬᠦᠢ ᠠᠵᠢᠯ ᠢ ᠵᠣᠯᠭᠠᠭᠤᠯᠬᠤ ᠶᠢ ᠲᠣᠳᠣᠷᠬᠠᠶᠢᠯᠠᠵᠤ᠂ ᠪᠣᠳᠠᠲᠠᠢ ᠬᠠᠮᠲᠤᠷᠠᠯᠴᠠᠭᠠᠨ ᠤ ᠲᠦᠷᠦᠯ ᠵᠦᠢᠯ ᠵᠢᠴᠢ ᠠᠭᠤᠯᠭ᠎ᠠ ᠶᠢ ᠵᠥᠪᠳᠡᠯᠴᠡᠵᠦ᠂ ᠬᠤᠶᠠᠷ ᠲᠠᠯ᠎ᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1