ᠡᠷᠡᠭᠦᠯ ᠮᠡᠨᠳᠦ ᠳᠤ ᠳᠡᠮᠵᠢᠯᠭᠡ ᠦᠵᠡᠭᠦᠯᠵᠦ ᠰᠡᠳᠬᠢᠯ ᠢ ᠳᠤᠯᠠᠭᠠᠴᠠᠭᠤᠯᠤᠨ᠎ᠠ  ᠰᠣᠨᠣᠷ ᠤᠨ ᠰᠠᠭᠠᠳ ᠲᠠᠢ ᠵᠡᠮᠳᠡᠭᠴᠦᠳ ᠲᠤ ᠳᠠᠬᠢᠨᠲᠠ ᠰᠢᠨ᠎ᠡ ︽ᠲᠠᠭᠤᠨ︾ ᠰᠣᠨᠣᠰᠳᠠᠭᠤᠯᠪᠠ
ᠨᠡᠶᠢᠲᠡᠯᠡᠭᠰᠡᠨ ᠴᠠᠭ᠄
2023/11/22
      ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠠᠵᠢᠯ ᠢ ᠰᠠᠶᠢᠲᠤᠷ ᠬᠢᠵᠦ᠂ ᠰᠣᠨᠣᠷ ᠤᠨ ᠰᠠᠭᠠᠳ ᠲᠠᠢ ᠵᠡᠮᠳᠡᠭᠴᠦᠳ ᠢ ᠬᠠᠪᠰᠤᠷᠤᠨ ᠨᠡᠶᠢᠭᠡᠮ ᠳᠤ ᠨᠠᠩ ᠰᠠᠶᠢᠨ ᠠᠭᠤᠰᠤᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠴᠢᠩ ᠱᠦᠢ ᠾᠧ ᠰᠢᠶᠠᠨ ᠳᠤ ᠬᠦᠷᠴᠦ ︽ᠡᠷᠡᠭᠦᠯ ᠮᠡᠨᠳᠦ ᠶᠢ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠤᠨ ᠰᠣᠨᠣᠷ ᠲᠤᠳᠤᠤᠡᠬᠠᠭᠤᠷ ᠰᠢᠯᠭᠠᠨ ᠲᠣᠬᠢᠷᠠᠭᠤᠯᠬᠤ ᠠᠵᠢᠯ ᠢ ᠥᠷᠨᠢᠭᠦᠯᠵᠦ᠂ ᠪᠥᠬᠦ ᠰᠢᠶᠠᠨ ᠤ ᠨᠥᠬᠦᠴᠡᠯ ᠳᠤ ᠨᠡᠶᠢᠴᠡᠬᠦ ᠡᠪᠡᠳᠴᠢᠲᠡᠨ ᠳᠤ ᠰᠣᠨᠣᠷ ᠲᠤᠳᠤᠤᠡᠬᠠᠭᠤᠷ ᠲᠣᠬᠢᠷᠠᠭᠤᠯᠵᠤ᠂ ᠲᠡᠳᠡᠨ ᠤ ᠪᠡᠶ᠎ᠡ ᠮᠠᠬᠠᠪᠤᠳ ᠤᠨ ᠦᠨᠳᠦᠰᠦᠨ ᠴᠢᠳᠠᠪᠤᠷᠢ ᠶᠢ ᠨᠢ ᠪᠦᠲᠦᠮᠵᠢᠲᠡᠶ ᠪᠠᠷ ᠰᠡᠷᠭᠦᠭᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃
     ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠲᠥᠪ ᠤᠨ ᠠᠵᠢᠯᠲᠠᠨ ᠰᠣᠨᠣᠷ ᠤᠨ ᠰᠠᠭᠠᠳ ᠲᠠᠢ ᠬᠥᠮᠥᠰ ᠤᠨ ᠰᠣᠨᠣᠷ ᠤᠨ ᠪᠠᠶᠢᠳᠠᠯ ᠢ ᠨᠢᠭᠡᠳ ᠨᠢᠭᠡ ᠪᠠᠷ ᠨᠠᠷᠢᠨ ᠨᠢᠮᠪᠠᠢ ᠦᠨᠡᠯᠡᠨ ᠵᠢᠱᠢᠵᠦ᠂ ᠰᠣᠨᠣᠷ ᠤᠨ ᠰᠢᠯᠭᠠᠯᠲᠠ᠂ ᠲᠠᠭᠤᠨ ᠤ ᠲᠣᠬᠢᠷᠠᠭᠤᠯᠤᠯᠲᠠ ᠵᠡᠷᠭᠡ ᠠᠷᠭ᠎ᠠ ᠮᠠᠶ᠋ᠢᠭ ᠢᠶᠠᠷ ᠲᠡᠳᠡᠨ ᠤ ᠰᠣᠨᠣᠷ ᠤᠨ ᠨᠥᠬᠦᠴᠡᠯ ᠳᠤ ᠨᠡᠶᠢᠴᠡᠬᠦ ᠰᠣᠨᠣᠷ ᠲᠤᠳᠤᠤᠡᠬᠠᠭᠤᠷ ᠢ ᠰᠢᠯᠭᠠᠨ ᠲᠣᠬᠢᠷᠠᠭᠤᠯᠬᠤ ᠶᠢᠨ ᠬᠠᠮᠲᠤ᠂ ᠲᠣᠬᠢᠷᠠᠭᠰᠠᠳ ᠲᠤ ᠰᠣᠨᠣᠷ ᠲᠤᠳᠤᠤᠡᠬᠠᠭᠤᠷ ᠤᠨ ᠡᠳᠦᠷ ᠲᠤᠲᠤᠮ ᠤᠨ ᠬᠡᠷᠡᠭᠯᠡᠭᠡᠨ ᠤ ᠠᠩᠬᠠᠷᠬᠤ ᠵᠦᠢᠯᠡᠰ ᠵᠢᠴᠢ ᠰᠣᠨᠣᠷ ᠤᠨ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ‌ᠥᠭᠪᠡ᠃      ᠰᠣᠨᠣᠷ ᠲᠤᠳᠤᠤᠡᠬᠠᠭᠤᠷ ᠢ ᠰᠢᠯᠭᠠᠨ ᠲᠣᠬᠢᠷᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠲᠥᠪ ᠤᠨ ᠠᠵᠢᠯᠯᠠᠬᠤ ᠳᠤᠭᠤᠶᠢᠯᠠᠩ ᠲᠠᠢ ᠢᠳᠡᠪᠬᠢᠲᠡᠢ ᠬᠠᠮᠵᠢᠯᠴᠠᠨ ᠰᠣᠨᠣᠷ ᠲᠤᠳᠤᠤᠡᠬᠠᠭᠤᠷ  ᠢ ᠰᠢᠯᠭᠠᠨ ᠲᠣᠬᠢᠷᠠᠭᠤᠯᠬᠤ ᠤᠬᠠᠭᠤᠯᠭ᠎ᠠ᠂ ᠳᠠᠶᠢᠴᠢᠯᠠᠯᠲᠠ ᠪᠠ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠲᠤᠯᠠᠭ᠎ᠠ ᠶᠢᠨ ᠡᠲᠡᠭᠡᠳ ᠢ ᠪᠦᠬᠦᠨ ᠢ ᠬᠠᠮᠤᠷᠬᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠦᠢᠯᠡᠴᠢᠯᠡᠭᠡᠨ ᠤ ᠠᠵᠢᠯ ᠢ ᠦᠨᠡᠨ ᠬᠦ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠵᠡᠮᠳᠡᠭᠴᠦᠳ ᠲᠤ ᠨᠡᠩ ᠴᠢᠨᠠᠷ ᠰᠠᠶᠢᠲᠠᠢ᠂ ᠨᠡᠩ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠪᠠ᠃
     ᠣᠶᠢᠯᠠᠭᠠᠭᠰᠠᠨ ᠢᠶᠠᠷ᠂ ︽ᠡᠷᠡᠭᠦᠯ ᠮᠡᠨᠳᠦ ᠶᠢ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠦᠴᠢᠷᠳᠡᠯᠲᠡᠢ ᠵᠡᠮᠳᠡᠭᠴᠦᠳ ᠲᠤ ᠬᠠᠨᠳᠤᠭᠤᠯᠤᠨ ᠬᠡᠷᠡᠭᠵᠢᠭᠦᠯᠦᠭᠰᠡᠨ ᠵᠡᠮᠳᠡᠭᠴᠦᠳ ᠲᠤ ᠠᠰᠢᠭ ᠬᠦᠷᠲᠡᠭᠡᠵᠦ ᠵᠡᠮᠳᠡᠭᠴᠦᠳ ᠢ ᠲᠤᠰᠠᠯᠠᠬᠤ ᠨᠢᠭᠡ ᠵᠦᠢᠯ ᠤᠨ ᠠᠵᠢᠯᠯᠠᠭ᠎ᠠ ᠪᠣᠯᠣᠨ᠎ᠠ᠂ ᠭᠤᠣᠯᠳᠠᠭᠤ ᠵᠡᠮᠳᠡᠭᠴᠦᠳ ᠤᠨ ᠦᠨᠡᠮᠯᠡᠯ ᠲᠠᠢ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠪᠤᠰᠤᠳ ᠣᠷᠣᠯᠭ᠎ᠠ ᠪᠠᠭᠠᠲᠠᠢ ᠭᠡᠷ ᠪᠦᠯᠢ ᠶᠢᠨ ᠵᠡᠮᠳᠡᠭᠴᠦᠳ ᠲᠤ ᠬᠠᠨᠳᠤᠭᠤᠯᠤᠨ᠂ ᠲᠡᠳᠡᠨ ᠳᠤ ᠰᠦᠢᠳᠬᠡᠯ ᠬᠤᠷᠢᠶᠠᠬᠤ ᠦᠭᠡᠢ ᠪᠠᠷ ᠰᠣᠨᠣᠷ ᠲᠤᠳᠤᠤᠡᠬᠠᠭᠤᠷ ᠲᠣᠬᠢᠷᠠᠭᠤᠯᠵᠤ ᠥᠭᠭᠦᠨ᠎ᠡ᠃ ᠲᠦᠷᠦᠯ ᠵᠦᠢᠯ ᠤᠨ ᠦᠷᠭᠦᠯᠵᠢᠯᠡᠨ ᠬᠡᠷᠡᠭᠵᠢᠭᠦᠯᠦᠭᠳᠡᠬᠦ ᠶᠢ ᠳᠠᠭᠠᠯᠳᠤᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠤᠯᠠᠮ ᠴᠢᠨᠠᠭᠰᠢᠳᠠ ᠬᠠᠩᠭᠠᠵᠤ᠂ ᠵᠡᠮᠳᠡᠭᠴᠦᠳ ᠲᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠭᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1