ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠭᠠᠰᠢ᠂ ᠮᠠᠨ ᠤ ᠬᠤᠲᠠ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠰᠢᠭᠤᠳ | ᠳᠣᠷᠣᠭᠰᠢ ᠪᠠᠭᠤᠯᠭᠠᠬᠤ᠂ ᠨᠠᠶᠢᠳᠠᠨ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠲᠠ ᠶᠢᠨ | 20 ᠰᠠᠯᠠᠭ᠎ᠠ ᠮᠥᠴᠢᠷ ᠤᠨ 158 ᠵᠦᠢᠯ ᠤᠨ ᠵᠠᠰᠠᠭ ᠵᠠᠬᠢᠷᠭᠠᠨ ᠤ ᠡᠷᠬᠡ ᠵᠢᠴᠢ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯ ᠢ ᠦᠨᠳᠦᠰᠦᠨ ᠱᠠᠲᠤᠨ ᠳᠤ ᠪᠠᠭᠤᠯᠭᠠᠵᠤ᠂ ᠮᠡᠳᠡᠭᠳᠡᠬᠦ ᠠᠮᠠᠯᠠᠬᠤ᠂ ᠳᠤᠲᠠᠭᠤ ᠶᠢ | ᠪᠠᠭᠲᠠᠭᠠᠨ ᠭᠥᠯᠢᠶᠡᠨ ᠠᠪᠴᠤ ᠰᠢᠢᠳᠪᠦᠷᠢᠯᠡᠬᠦ ᠪᠠ ︽ᠦᠨᠡᠮᠯᠡᠯ ᠦᠵᠡᠬᠦ ᠦᠭᠡᠢ ᠭᠦᠢᠴᠡᠳᠬᠡᠬᠦ︾ ᠵᠡᠷᠭᠡ ᠠᠷᠭ᠎ᠠ | ᠮᠠᠶ᠋ᠢᠭ ᠢ ᠠᠪᠴᠤ᠂ ᠲᠤᠰᠢᠶᠠᠬᠤ ᠴᠢᠬᠤᠯᠠ ᠲᠠᠢ ᠮᠠᠲ᠋ᠧᠷᠢᠶᠠᠯ ᠢ 800 ᠬᠤᠪᠢ ᠬᠠᠰᠤᠵᠤ᠂ ᠭᠦᠢᠴᠡᠳᠬᠡᠬᠦ | ᠭᠤᠭᠴᠤᠭ᠎ᠠ ᠶᠢ 338 ᠬᠤᠪᠢ ᠪᠠᠭᠠᠰᠬᠠᠵᠤ᠂ ᠠᠮᠠᠯᠠᠯᠲᠠ ᠶᠢᠨ ᠶᠡᠷᠦᠩᠬᠡᠢ ᠴᠠᠭ ᠤᠨ ᠬᠢᠵᠠᠭᠠᠷ ᠢ 76% ᠪᠠᠷ | ᠪᠠᠭᠠᠰᠬᠠᠪᠠ᠃ | ᠡᠭᠦᠨ ᠤ ᠬᠠᠮᠲᠤ᠂ 14 ᠰᠠᠯᠠᠭ᠎ᠠ ᠮᠥᠴᠢᠷ ᠤᠨ 121 ᠵᠦᠢᠯ ᠤᠨ ᠬᠠᠷᠢᠯᠴᠠᠭᠠᠨ ᠤ ᠲᠤᠬᠠᠶᠢᠯᠠᠭᠰᠠᠨ | ᠠᠵᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠭᠤᠭᠴᠤᠭ᠎ᠠ ᠶᠢ 15% ᠪᠠᠷ ᠪᠠᠭᠠᠰᠬᠠᠨ᠂ ᠲᠤᠰᠢᠶᠠᠬᠤ ᠴᠢᠬᠤᠯᠠ | ᠲᠠᠢ ᠮᠠᠲ᠋ᠧᠷᠢᠶᠠᠯ ᠢ 18.9% ᠪᠠᠷ ᠴᠣᠮᠬᠠᠳᠬᠠᠵᠤ᠂ ᠴᠠᠭ ᠤᠨ ᠬᠢᠵᠠᠭᠠᠷ ᠢ 37% ᠪᠠᠷ ᠪᠠᠭᠠᠰᠬᠠᠨ᠂ ︽ | ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ︾ | ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ︵ᠯᠢ ᠬᠠᠢ ᠵᠧᠨ︶ | |