ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/29
                    ᠬᠥᠬᠡᠬᠤᠲᠠ ᠵᠠᠰᠠᠭ ᠠᠯᠪᠠᠨ ᠥᠰᠥᠭ ﹇2023﹈ 106 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃                       ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                       2023 ᠣᠨ ᠤ 11 ᠰᠠᠷ᠎ᠠ ᠶᠢᠨ 15 ᠤ ᠡᠳᠦᠷ                       ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ      ᠮᠠᠨ ᠤ ᠬᠤᠲᠠ ᠶᠢᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠲᠣᠭᠤᠷᠢᠭ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠶᠡᠷᠦᠩᠬᠡᠢ ᠪᠠᠶᠢᠷᠢᠰᠢᠭᠤᠯᠤᠯᠲᠠ ᠶᠢ ᠲᠦᠷᠭᠡᠳᠬᠡᠨ ᠰᠢᠯᠢᠳᠡᠭᠵᠢᠭᠦᠯᠵᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠶᠡᠷᠦᠩᠬᠡᠶᠢᠯᠡᠭᠰᠡᠨ ᠬᠦᠢᠰᠦ ᠶᠢᠨ ᠦᠨᠳᠦᠰᠦᠨ ᠴᠢᠳᠠᠪᠤᠷᠢ ᠶᠢ ᠦᠨᠡᠨᠬᠦ ᠪᠠᠳᠠᠷᠠᠭᠤᠯᠬᠤ ᠶᠢᠨ ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠰ ᠲᠥᠰᠥᠯ ᠢ ᠲᠣᠭᠲᠠᠭᠠᠪᠠ᠃      ᠨᠢᠭᠡ᠂ ᠠᠬᠤᠢ ᠪᠠᠶᠢᠳᠠᠯ ᠠᠴᠢ ᠬᠤᠯᠪᠣᠭᠳᠠᠯ      ᠮᠠᠨ ᠤ ᠬᠤᠲᠠ ᠶᠢᠨ ᠬᠤᠲᠠ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠲᠠᠯᠠᠪᠤᠷ ᠤᠨ ᠪᠠᠶᠢᠷᠢᠰᠢᠯ ᠪᠣᠯᠣᠨ ᠬᠤᠲᠠ ᠶᠢᠨ ᠬᠥᠭᠵᠢᠯᠲᠡ ᠵᠣᠬᠢᠴᠠᠩᠭᠤᠢ ᠪᠤᠰᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠰᠤᠯᠠ ᠪᠠᠶᠢᠬᠤ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 11 ᠶᠠᠮᠤᠨ ᠵᠥᠪᠯᠡᠯ ᠤᠨ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠲᠡᠭᠡᠭᠡᠪᠦᠷᠢ ﹇2023﹈ 45 ᠳ᠋ᠤᠭᠠᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠵᠠᠮ ᠬᠠᠷᠢᠯᠴᠠᠭ᠎ᠠ ᠲᠡᠭᠡᠭᠡᠪᠦᠷᠢ ᠲᠠᠷᠬᠠᠭᠠᠭᠰᠠᠨ ﹇2016﹈ 240 ᠳ᠋ᠦ᠋ᠭᠡᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ﹇2023﹈ 829 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠥᠯᠥᠪᠯᠡᠭᠡ ᠪᠠᠷ ᠬᠤᠶᠠᠷ ᠵᠢᠯ ᠤᠨ ᠬᠤᠭᠤᠴᠠᠭ᠎ᠠ ᠶᠢ ᠬᠡᠷᠡᠭᠯᠡᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠢ ᠡᠮᠬᠢᠯᠡᠨ ᠨᠡᠶᠢᠳᠬᠡᠵᠦ ᠰᠢᠯᠢᠳᠡᠭᠵᠢᠭᠦᠯᠦᠨ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ ᠪᠣᠯᠭᠠᠵᠤ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠠᠩ ᠬᠦᠴᠦᠲᠡᠢ ᠪᠣᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠵᠠᠰᠠᠭ ᠤᠨ ᠣᠷᠳᠣᠨ ᠠᠴᠠ ᠠᠬᠢᠭᠤᠯᠵᠤ᠂ ᠰᠠᠯᠠᠭ᠎ᠠ ᠮᠥᠴᠢᠷ ᠠᠴᠠ ᠬᠠᠮᠵᠢᠯᠴᠠᠵᠤ᠂ ᠠᠵᠤ ᠠᠬᠤᠶᠢᠯᠠᠯ ᠠᠴᠠ ᠬᠡᠷᠡᠭᠵᠢᠭᠦᠯᠬᠦ ᠵᠠᠷᠴᠢᠮ ᠢ ᠵᠢᠷᠤᠮᠯᠠᠨ᠎ᠠ᠃      ︵ᠬᠤᠶᠠᠷ︶ ᠨᠢᠭᠡᠳᠦᠯᠲᠡᠢ ᠲᠥᠯᠥᠪᠵᠢᠭᠦᠯᠵᠦ᠂ ᠬᠤᠯᠠ ᠣᠶᠢᠷ᠎ᠠ ᠶᠢ ᠤᠶᠠᠯᠳᠤᠭᠤᠯᠵᠤ᠂ ᠠᠯᠬᠤᠮ ᠠᠯᠬᠤᠮ ᠢᠶᠠᠷ ᠠᠬᠢᠭᠤᠯᠬᠤ ᠵᠠᠷᠴᠢᠮ ᠢ ᠵᠢᠷᠤᠮᠯᠠᠨ᠎ᠠ᠃      ︵ᠭᠤᠷᠪᠠ︶ ᠨᠥᠬᠦᠷᠰᠡᠭ ᠢᠶᠠᠷ ᠵᠥᠪᠳᠡᠯᠴᠡᠵᠦ᠂ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠯᠠᠪᠳᠠᠭᠤᠨ ᠢᠶᠠᠷ ᠰᠢᠯᠵᠢᠬᠦ ᠵᠠᠷᠴᠢᠮ ᠢ ᠵᠢᠷᠤᠮᠯᠠᠨ᠎ᠠ᠃      ︵ᠳᠥᠷᠪᠡ︶ ᠪᠦᠲᠦᠮᠵᠢᠲᠡᠶ ᠵᠣᠯᠭᠠᠭᠤᠯᠵᠤ᠂ ᠣᠶᠢᠷ᠎ᠠ ᠬᠠᠪᠢ ᠳᠠᠭᠠᠨ ᠲᠡᠷᠭᠡ ᠰᠣᠯᠢᠵᠤ ᠰᠠᠭᠤᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠨ᠎ᠠ᠃      ᠭᠤᠷᠪᠠ᠂ ᠠᠵᠢᠯ ᠤᠨ ᠬᠠᠷᠠᠯᠲᠠ      ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠨᠢᠭᠡ ᠬᠥᠨᠳᠡᠯᠡᠨ᠂ ᠬᠤᠶᠠᠷ ᠭᠤᠯᠳᠤ᠂ ᠳᠥᠷᠪᠡᠨ ᠴᠠᠭᠠᠷᠢᠭ᠂ ᠭᠤᠷᠪᠠᠨ ᠬᠦᠢᠰᠦ︾ ᠶᠢᠨ ᠬᠤᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠲᠠᠯᠠᠪᠤᠷ ᠤᠨ ᠪᠠᠶᠢᠷᠢᠰᠢᠯᠠᠭᠤᠯᠤᠯᠲᠠ ᠪᠣᠯᠣᠨ ᠬᠤᠲᠠ ᠶᠢᠨ ᠬᠥᠭᠵᠢᠯᠲᠡ ᠵᠣᠬᠢᠴᠠᠩᠭᠤᠢ ᠪᠤᠰᠤ ᠪᠠᠶᠢᠭ᠎ᠠ ᠣᠳᠣᠬᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠵᠦᠢᠯ ᠤᠨ ᠠᠵᠢᠯ ᠢᠶᠠᠨ ᠲᠦᠷᠭᠡᠳᠬᠡᠵᠦ᠂ 2025 ᠣᠨ ᠠᠴᠠ ᠡᠮᠦᠨ᠎ᠡ᠂ ᠬᠥᠬᠡᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠪᠦᠬᠦ ᠲᠠᠯ᠎ᠠ  ᠪᠠᠷ ᠡᠬᠢᠯᠡᠨ ᠬᠡᠷᠡᠭᠯᠡᠵᠦ᠂ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠢ ᠨᠡᠶᠢᠳᠬᠡᠵᠦ᠂ ︽ᠨᠢᠭᠡ ᠲᠥᠪ ᠥᠷᠲᠡᠭᠡ + ᠡᠳᠦᠢ ᠲᠡᠳᠦᠢ ᠵᠣᠭᠰᠣᠭᠠᠯ ᠤᠨ ᠥᠷᠲᠡᠭᠡ︾ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠨᠡᠶᠢᠲᠡ ᠶᠢᠨ ᠵᠠᠮ ᠬᠠᠷᠢᠯᠴᠠᠭ᠎ᠠ ᠪᠠᠷ ᠥᠭᠡᠷᠡᠴᠢᠯᠡᠬᠦ + ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ︾ ᠶᠢᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠶᠡᠬᠡᠪᠡᠷ ᠬᠥᠭᠵᠢᠭᠦᠯᠦᠨ᠂ ᠥᠷᠲᠡᠭᠡ᠂ ᠲᠡᠭᠡᠭᠡᠪᠦᠷᠢ᠂ ᠬᠠᠮᠢᠶᠠᠷᠤᠯᠲᠠ ᠶᠢ ᠨᠢᠭᠲᠠ ᠤᠶᠠᠯᠳᠤᠭᠤᠯᠬᠤ ᠶᠢ ᠴᠢᠩᠭᠠᠳᠬᠠᠵᠤ᠂ ᠡᠵᠡᠩᠨᠡᠯᠲᠡ ᠶᠢᠨ ᠪᠦᠲᠦᠴᠡ ᠶᠢ ᠰᠠᠶᠢᠵᠢᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠂ ᠠᠶᠤᠯᠭᠦᠢ᠂ ᠴᠢᠨᠠᠷ ᠰᠠᠶᠢᠲᠠᠢ᠂ ᠳᠥᠭᠦᠮ ᠳᠥᠲᠡ ᠠᠶᠠᠨᠴᠢᠳ ᠤᠨ ᠲᠡᠭᠡᠭᠡᠪᠦᠷᠢ ᠶᠢᠨ ᠶᠠᠪᠤᠵᠤ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢᠨ ᠲᠥᠯᠥᠭᠡ᠂ ᠲᠤᠰᠬᠠᠶᠢᠯᠠᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠰᠬᠠᠢ ᠠᠩᠭᠢ ᠶᠢ ᠪᠠᠶᠢᠭᠤᠯᠪᠠ᠃      ᠳᠤᠭᠤᠶᠢᠯᠠᠩ ᠤᠨ ᠳᠠᠷᠤᠭ᠎ᠠ᠄ ᠸᠠᠩ ᠰᠢᠨ ᠢᠦᠢ    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠸᠠᠩ ᠳ᠋ᠧᠩ ᠯᠦᠩ    ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ            ᠵᠠᠩ ᠸᠧᠢ    ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠣᠪᠴᠢᠶᠠᠨ ᠤ ᠳᠠᠷᠤᠭ᠎ᠠ      ᠭᠡᠰᠢᠭᠦᠨ᠄ ᠴᠧ ᡁᠢ ᠴᠢᠶᠠᠩ    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠦ᠋ ᠶᠠ ᠭᠠᠩ    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠮᠠ ᠢᠦᠢ ᠵᠢᠶᠧ    ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠵᠠᠩ ᠳ᠋ᠢᠶᠠᠨ ᠰᠦᠩ    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠲᠢᠶᠠᠨ ᡁᠢ ᠵᠢᠶᠦ᠋ᠨ   ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠲᠢᠶᠠᠨ ᠴᠦᠨ ᠶᠠᠩ    ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠨᠢᠶᠧ ᠱᠧᠩ ᠶᠤᠸᠠᠨ   ᠬᠤᠳᠠ ᠶᠢᠨ ᠭᠠᠶᠢᠯᠢ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠫᠧᠩ ᠹᠧᠩ ᠴᠢ    ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ            ᠶᠦᠨ ᡁᠢ ᠴᠢᠶᠠᠩ    ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠶᠠᠩ ᠸᠠᠨ ᠪᠠᠩ    ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ            ᠭᠦᠸᠧ ᠰᠢᠶᠣᠣ ᠪᠢᠩ    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠠᠷᠤᠭ᠎ᠠ            ᠦ᠋ ᠴᠢᠩ    ᠰᠢᠨ᠎ᠡ ᠬᠤᠲᠠ ᠲᠣᠭᠤᠷᠢᠭ ᠤᠨ ᠳᠡᠳ᠋ ᠳᠠᠷᠤᠭ᠎ᠠ            ᠬᠥᠬᠡ    ᠬᠤᠲᠣᠩ ᠠᠷᠠᠳ ᠤᠨ ᠲᠣᠭᠤᠷᠢᠭ ᠤᠨ ᠳᠡᠳ᠋ ᠳᠠᠷᠤᠭ᠎ᠠ            ᠯᠢᠦ ᠵᠢᠢ ᠶᠤᠸᠠᠨ    ᠢᠦᠢ ᠴᠢᠤᠸᠠᠨ ᠲᠣᠭᠤᠷᠢᠭ ᠤᠨ ᠳᠡᠳ᠋ ᠳᠠᠷᠤᠭ᠎ᠠ            ᠯᠢ ᠫᠧᠩ    ᠲᠦᠮᠡᠳ ᠵᠡᠭᠦᠨ ᠬᠤᠰᠢᠭᠤᠨ ᠤ ᠳᠡᠳ᠋ ᠳᠠᠷᠤᠭ᠎ᠠ            ᠵᠠᠩ ᠵᠧᠨ ᠬᠠᠢ     ᠲᠣᠭᠲᠠᠬᠤ ᠰᠢᠶᠠᠨ ᠤ ᠳᠡᠳ᠋ ᠳᠠᠷᠤᠭ᠎ᠠ            ᠯᠢᠦᠢ ᠶᠣᠣ ᠯᠦᠩ    ᠬᠤᠷᠢᠨᠭᠡᠷ ᠰᠢᠶᠠᠨ ᠤ ᠳᠡᠳ᠋ ᠳᠠᠷᠤᠭ᠎ᠠ            ᠯᠢ ᠵᠢᠶᠦ᠋ᠨ    ᠴᠢᠩ ᠱᠦᠢ ᠾᠧ ᠰᠢᠶᠠᠨ ᠤ ᠳᠡᠳ᠋ ᠳᠠᠷᠤᠭ᠎ᠠ            ᠨᠢᠦ ᠶᠤᠸᠠᠨ ᠵᠧ    ᠦᠴᠦᠸᠠᠨ ᠰᠢᠶᠠᠨ ᠤ ᠳᠡᠳ᠋ ᠳᠠᠷᠤᠭ᠎ᠠ            ᠶᠠᠩ ᠵᠢᠶᠧ    ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠶᠡᠷᠦᠩᠬᠡᠢ ᠳᠠᠭᠠᠭᠠᠮᠠᠯ            ᠯᠢ ᠶᠣᠣ ᠲᠢᠩ    ᠬᠤᠲᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ            ᠵᠣᠣ ᠶᠦᠩ ᠴᠢᠶᠠᠩ    ᠬᠤᠲᠠ ᠶᠢᠨ ᠬᠤᠲᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ      ᠲᠤᠰᠬᠠᠢ ᠠᠩᠭᠢ ᠶᠢᠨ ᠠᠯᠪᠠᠨ ᠭᠡᠷ ᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠳ᠋ᠧᠩ ᠯᠦᠩ᠂ ᠵᠠᠩ ᠸᠧᠢ ᠨᠥᠬᠦᠷ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠲᠢᠶᠠᠨ ᡁᠢ ᠵᠢᠶᠦ᠋ᠨ ᠨᠥᠬᠦᠷ ᠬᠠᠪᠰᠤᠷᠭᠠᠨ ᠡᠭᠦᠷᠭᠡᠯᠡᠵᠦ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠡᠳᠦᠷ ᠲᠤᠲᠤᠮ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃      ᠲᠠᠪᠤ᠂ ᠠᠵᠢᠯ ᠤᠨ ᠡᠭᠦᠷᠭᠡ ᠬᠢᠭᠡᠳ ᠠᠵᠢᠯ ᠤᠨ ᠬᠤᠪᠢᠶᠠᠷᠢᠯᠠᠯ      ︵ᠨᠢᠭᠡ︶ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠲᠥᠰᠥᠯ ᠤᠨ ᠶᠣᠰᠣᠭᠠᠷ᠂ ᠮᠠᠨ ᠤ ᠬᠤᠲᠠ ᠶᠢᠨ ᠪᠦᠬᠦᠶᠢᠯᠡ ᠣᠷᠣᠨ ᠵᠠᠢ ᠶᠢᠨ ᠪᠠᠶᠢᠷᠢᠰᠢᠭᠤᠯᠤᠯᠲᠠ ᠪᠠ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠪᠣᠳᠠᠲᠠᠢ ᠲᠠᠢ ᠤᠶᠠᠯᠳᠤᠭᠤᠯᠤᠨ᠂ ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠬᠠᠷᠢᠭᠤᠴᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠡᠯ᠎ᠡ ᠭᠡᠰᠢᠭᠦᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠨᠢᠭᠡᠳᠦᠯᠲᠡᠢ ᠲᠥᠯᠥᠪᠵᠢᠭᠦᠯᠵᠦ ᠵᠣᠬᠢᠴᠠᠭᠤᠯᠤᠨ ᠬᠡᠷᠡᠭᠵᠢᠭᠦᠯᠦᠨ᠎ᠡ᠃      ᠪᠡᠶᠡᠯᠡᠭᠦᠯᠬᠦ ᠴᠠᠭ ᠄ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ      ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠭᠡᠰᠢᠭᠦᠨ ᠨᠢᠭᠡᠴᠢ      ︵ᠬᠤᠶᠠᠷ︶ ᠡᠳ᠋ ᠬᠥᠷᠥᠩᠭᠡ ᠶᠢ ᠰᠢᠯᠵᠢᠭᠦᠯᠵᠦ᠂ ᠠᠵᠢᠯ ᠲᠥᠷᠥᠯ ᠢᠶᠠᠷ ᠡᠵᠡᠩᠨᠡᠨ᠎ᠡ      ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠪᠦᠬᠦ᠋ᠢᠯᠡ ᠡᠳ᠋ ᠬᠥᠷᠥᠩᠭᠡ ᠵᠢᠴᠢ ᠲᠥᠷᠥᠯ ᠵᠦᠢᠯ ᠤᠨ ᠥᠷᠢ ᠰᠢᠷᠢ ᠶᠢ ᠬᠠᠮᠲᠤ ᠳᠤᠨᠢ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠳᠤ ᠰᠢᠯᠵᠢᠭᠦᠯᠦᠨ ᠥᠭᠬᠦ ᠶᠢ ᠵᠢᠯᠣᠭᠤᠳᠴᠤ ᠲᠦᠯᠬᠢᠨ ᠠᠬᠢᠭᠤᠯᠤᠨ᠎ᠠ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠮᠵᠢᠯᠴᠠᠨ ᠲᠠᠯᠠᠪᠤᠷ ᠭᠠᠵᠠᠷ ᠢ ᠰᠢᠯᠵᠢᠭᠦᠯᠵᠦ ᠲᠤᠰᠢᠶᠠᠬᠤ᠂ ᠡᠳ᠋ ᠬᠥᠷᠥᠩᠭᠡ ᠶᠢ ᠰᠢᠯᠵᠢᠭᠦᠯᠬᠦ ᠳᠤᠮᠳᠠᠬᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠨ᠎ᠡ᠃ ᠰᠢᠯᠵᠢᠭᠦᠯᠦᠭᠰᠡᠨ ᠤ ᠳᠠᠷᠠᠭᠠᠬᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠪᠦᠬᠦᠶᠢᠯᠡ ᠡᠳ᠋ ᠬᠥᠷᠥᠩᠭᠡ ᠶᠢ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠠᠴᠠ ᠭᠥᠯᠢᠶᠡᠨ ᠠᠪᠴᠤ ᠬᠠᠮᠢᠶᠠᠷᠴᠤ᠂ ᠡᠳ᠋ ᠬᠥᠷᠥᠩᠭᠡ ᠶᠢ ᠰᠢᠯᠵᠢᠭᠦᠯᠬᠦ ᠠᠴᠠ ᠡᠮᠦᠨᠡᠬᠢ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠵᠡᠩᠨᠡᠯᠲᠡ ᠶᠢᠨ ᠶᠠᠪᠤᠴᠠ ᠳᠤ ᠪᠣᠶ ᠪᠣᠯᠤᠭᠰᠠᠨ ᠤᠰᠤ᠂ ᠴᠠᠬᠢᠯᠭᠠᠨ᠂ ᠳᠤᠯᠠᠭᠠᠯᠠᠭ᠎ᠠ᠂ ᠰᠦᠯᠵᠢᠶ᠎ᠡ᠂ ᠭᠠᠶᠢᠯᠢ ᠵᠢᠴᠢ ᠬᠠᠮᠠᠭᠠᠯᠠᠯᠲᠠ ᠶᠢᠨ ᠠᠵᠢᠯᠲᠠᠨ ᠤ ᠴᠠᠯᠢᠩ ᠵᠡᠷᠭᠡ ᠵᠠᠷᠤᠳᠠᠯ ᠢ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠠᠴᠠ ᠡᠭᠦᠷᠭᠡᠯᠡᠵᠦ᠂ ᠰᠢᠯᠵᠢᠭᠦᠯᠦᠭᠰᠡᠨ ᠤ ᠳᠠᠷᠠᠭ᠎ᠠ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠬᠢᠯᠡᠵᠦ ᠬᠡᠷᠡᠭᠯᠡᠭᠰᠡᠨ ᠴᠠᠭ ᠢᠶᠠᠷ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠠᠴᠠ ᠬᠠᠮᠲᠤ ᠳᠤᠨᠢ ᠳ᠋ᠦᠩᠨᠡᠨ ᠪᠤᠳᠤᠨ᠎ᠠ᠃      ᠪᠡᠶᠡᠯᠡᠭᠦᠯᠬᠦ ᠴᠠᠭ ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ      ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ      ︵ᠭᠤᠷᠪᠠ︶ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠡᠬᠢᠯᠡᠨ ᠬᠡᠷᠡᠭᠯᠡᠵᠦ᠂ ᠤᠤᠯ ᠤᠨ ᠬᠥᠬᠡᠬᠤᠲᠠ ᠶᠢᠨ ᠲᠡᠭᠡᠭᠡᠪᠦᠷᠢ ᠶᠢᠨ ᠥᠷᠳᠡᠭᠡ ᠶᠢ ᠥᠭᠡᠷᠡᠴᠢᠯᠡᠨ᠎ᠡ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠬᠥᠬᠡᠬᠤᠲᠠ ᠶᠢᠨ ᠲᠡᠭᠡᠭᠡᠪᠦᠷᠢ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠷᠣᠭᠰᠢ ︽ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠵᠤ᠂ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠣᠷᠣᠨ ᠰᠠᠭᠤᠵᠤ ᠡᠬᠢᠯᠡᠵᠦ ᠬᠡᠷᠡᠭᠯᠡᠬᠦ ᠠᠵᠢᠯ ᠢ ᠳᠠᠭᠤᠰᠬᠠᠵᠤ᠂ ᠬᠤᠲᠠ ᠶᠢᠨ ᠬᠤᠲᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠵᠡᠭᠦᠨ ᠡᠭᠦᠳᠡᠨ ᠤ ᠡᠮᠦᠨᠡᠬᠢ ᠲᠠᠯᠠᠪᠠᠶ ᠶᠢᠨ ᠵᠡᠭᠦᠨ ᠲᠠᠯ᠎ᠠ ᠶᠢᠨ ᠵᠦᠯᠭᠡ ᠶᠢ ᠬᠠᠲᠠᠭᠤᠷᠠᠭᠤᠯᠬᠤ ᠠᠵᠢᠯ ᠢ ᠬᠠᠷᠢᠭᠤᠴᠠᠨ ᠪᠡᠶᠡᠯᠡᠭᠦᠯᠵᠦ᠂ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠪᠣᠯᠣᠨ ᠭᠠᠯᠲᠤ ᠲᠡᠷᠭᠡᠨ ᠤ ᠵᠡᠭᠦᠨ ᠥᠷᠲᠡᠭᠡ ᠶᠢᠨ ᠵᠠᠮ ᠢ ᠬᠤᠯᠪᠣᠨ ᠨᠠᠪᠲᠠᠷᠡᠭᠦᠯᠵᠦ᠂ ᠲᠡᠮᠦᠷ ᠵᠠᠮ ᠵᠡᠷᠭᠡ ᠰᠠᠯᠠᠭ᠎ᠠ ᠮᠥᠴᠢᠷ ᠢ ᠦᠷᠭᠦᠯᠵᠢᠯᠡᠨ ᠵᠣᠬᠢᠴᠠᠭᠤᠯᠵᠤ ᠭᠠᠯᠲᠤ ᠲᠡᠷᠭᠡᠨ ᠤ ᠵᠡᠭᠦᠨ ᠥᠷᠲᠡᠭᠡ ᠶᠢᠨ ᠬᠤᠶᠢᠲᠤ ᠲᠠᠯᠠᠪᠠᠶ ᠶᠢᠨ ᠭᠠᠵᠠᠷ ᠳᠣᠣᠷᠠᠬᠢ ᠨᠡᠪᠲᠡᠷᠡᠬᠦ ᠵᠠᠮ ᠢ ᠨᠠᠪᠲᠠᠷᠡᠭᠦᠯᠵᠦ᠂ ᠭᠠᠯᠲᠤ ᠲᠡᠷᠭᠡᠨ ᠤ ᠵᠡᠭᠦᠨ ᠥᠷᠲᠡᠭᠡ ᠪᠣᠯᠣᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠠᠶᠠᠨᠴᠢᠳ ᠤᠨ ︽ᠵᠠᠪᠰᠠᠷ ᠦᠭᠡᠢ ᠲᠡᠷᠭᠡ ᠰᠣᠯᠢᠬᠤ︾ ᠶᠢ ᠪᠡᠶᠡᠯᠡᠭᠦᠯᠦᠨ᠎ᠡ᠃ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠨᠢ ᠬᠥᠬᠡᠬᠤᠲᠠ ᠶᠢᠨ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ︵ᠳᠣᠷᠣᠭᠰᠢ ︽ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡ︾ ᠭᠡᠵᠦ ᠲᠣᠪᠴᠢᠯᠠᠨ᠎ᠠ︶᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠬᠤᠯᠪᠣᠭᠳᠠᠯ ᠪᠦᠬᠦᠢ ᠲᠠᠯᠠᠪᠤᠷ ᠥᠷᠲᠡᠭᠡ᠂ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠵᠦ᠂ ᠳᠡᠭᠡᠷ᠎ᠡ ᠳᠤᠷᠠᠳᠤᠭᠰᠠᠨ ᠬᠤᠶᠠᠷ ᠲᠠᠯᠠᠪᠤᠷ ᠭᠠᠵᠠᠷ ᠤᠨ ᠰᠢᠯᠵᠢᠭᠦᠯᠦᠨ ᠲᠤᠰᠢᠶᠠᠬᠤ ᠲᠠᠯᠠᠪᠠᠶ ᠵᠢᠴᠢ ᠠᠷᠭ᠎ᠠ ᠮᠠᠶ᠋ᠢᠭ᠂ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ᠂ ᠨᠡᠶᠢᠭᠡᠮ ᠤᠨ ᠳᠠᠭᠠᠳᠬᠠᠯ ᠢ ᠲᠤᠰᠢᠶᠠᠬᠤ᠂ ᠥᠷᠢ ᠥᠭᠴᠡᠭᠡ᠂ ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡ ᠶᠢ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ ᠪᠠᠷ ᠥᠭᠡᠷᠡᠴᠢᠯᠡᠬᠦ᠂ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠣᠷᠣᠨ ᠰᠠᠭᠤᠵᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠡᠵᠡᠩᠨᠡᠬᠦ ᠬᠤᠭᠤᠴᠠᠭᠠᠨ ᠳᠠᠬᠢ ᠬᠤᠯᠪᠣᠭᠳᠠᠯ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ᠂ ᠱᠠᠲᠤ ᠦᠶ᠎ᠡ ᠶᠢᠨ ᠴᠢᠨᠠᠷᠲᠠᠢ ᠡᠵᠡᠩᠨᠡᠯᠲᠡ ᠶᠢᠨ ᠨᠥᠬᠦᠪᠦᠷᠢ ᠥᠭᠬᠦ ᠵᠡᠷᠭᠡ ᠵᠦᠢᠯᠡᠰ ᠤᠨ ᠲᠤᠬᠠᠢ ᠵᠥᠪᠳᠡᠯᠴᠡᠵᠦ᠂ ᠡᠳ᠋ ᠤᠨ ᠵᠠᠰᠠᠭ ᠤᠨ ᠲᠣᠪᠴᠢᠶ᠎ᠠ ᠠᠴᠠ ᠡᠵᠡᠩᠨᠡᠯᠲᠡ ᠶᠢᠨ ᠲᠥᠰᠥᠯ ᠭᠠᠷᠭᠠᠨ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠥᠪᠯᠡᠯᠴᠡᠭᠡᠷ ᠲᠣᠭᠲᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠢ ᠬᠠᠪᠰᠤᠷᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ᠂ ᠨᠡᠶᠢᠭᠡᠮ ᠤᠨ ᠳᠠᠭᠠᠳᠬᠠᠯ ᠢ ᠲᠤᠰᠢᠶᠠᠬᠤ ᠵᠡᠷᠭᠡ ᠲᠠᠯ᠎ᠠ ᠶᠢᠨ ᠬᠠᠪᠰᠤᠷᠤᠨ ᠲᠡᠳᠬᠦᠬᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠨ᠎ᠠ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠵᠢᠯᠴᠠᠨ ᠲᠠᠯᠠᠪᠤᠷ ᠭᠠᠵᠠᠷ ᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠰᠢᠯᠵᠢᠭᠦᠯᠬᠦ ᠳᠤᠮᠳᠠᠬᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠨ᠎ᠡ᠃      ᠪᠡᠶᠡᠯᠡᠭᠦᠯᠬᠦ ᠴᠠᠭ ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ      ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ᠂ ᠬᠤᠲᠠ ᠶᠢᠨ ᠬᠤᠲᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ      ︵ᠳᠥᠷᠪᠡ︶ ᠡᠭᠡᠯᠵᠢ ᠶᠢᠨ ᠱᠤᠭᠤᠮ ᠢ ᠨᠡᠭᠦᠯᠭᠡᠵᠦ᠂ ᠰᠢᠯᠢᠳᠡᠭᠵᠢᠭᠦᠯᠦᠨ ᠨᠡᠶᠢᠳᠬᠡᠨ᠎ᠡ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠦᠩ ᠳ᠋ᠠ ᠡᠮᠦᠨ᠎ᠡ ᠥᠷᠲᠡᠭᠡ ᠪᠠ ᠫᠢᠩ ᠠᠨ ᠯᠢ ᠳ᠋ᠡ ᠥᠷᠲᠡᠭᠡᠨ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠵᠣᠬᠢᠶᠠᠨ ᠪᠠᠶᠢᠭᠤᠯᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠣᠷᠣᠨ ᠰᠠᠭᠤᠵᠤ ᠬᠥᠳᠡᠯᠬᠦ ᠪᠣᠯᠭᠠᠨ ᠲᠣᠬᠢᠷᠠᠭᠤᠯᠵᠤ᠂ ᠬᠤᠲᠠ ᠶᠢᠨ ᠠᠷᠠᠳ ᠤᠨ ᠠᠶᠠᠨᠴᠢᠳ ᠤᠨ ᠲᠡᠷᠭᠡᠨ ᠳᠤ ᠰᠠᠭᠤᠬᠤ ᠳᠠᠳᠬᠠᠯ ᠲᠠᠢ ᠤᠶᠠᠯᠳᠤᠭᠤᠯᠤᠨ ᠂ ᠬᠤᠲᠠ ᠶᠢᠨ ᠲᠣᠭᠤᠷᠢᠭ ᠲᠠᠬᠢ ᠠᠶᠠᠨᠴᠢᠳ ᠤᠨ ᠲᠡᠷᠭᠡ ᠶᠢᠨ ᠵᠣᠭᠰᠣᠬᠤ ᠵᠣᠭᠰᠣᠭᠠᠯ ᠢ ᠪᠠᠶᠢᠷᠢᠯᠠᠭᠤᠯᠵᠤ᠂ ᠵᠠᠷᠴᠢᠮ ᠳᠡᠭᠡᠷ᠎ᠡ ᠪᠠᠨ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠲᠠᠢ ᠳᠠᠪᠬᠤᠴᠠᠭᠤᠯᠤᠨ᠂ ᠨᠡᠶᠢᠲᠡ ᠶᠢᠨ ᠮᠠᠰᠢᠨ ᠲᠡᠷᠭᠡ᠂ ᠡᠭᠡᠯᠵᠢ ᠶᠢᠨ ᠲᠡᠷᠭᠡ ᠶᠢ ︽ᠰᠣᠯᠢᠵᠤ ᠰᠠᠭᠤᠬᠤ ᠦᠭᠡᠢ︾᠂ ᠤᠤᠯ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠤᠶᠤ ᠴᠢᠳᠠᠮᠵᠢ ᠪᠠᠨ ᠬᠤᠪᠢᠷᠠᠭᠤᠯᠤᠨ ᠠᠶᠠᠨᠴᠢᠳ ᠤᠨ ᠲᠡᠷᠭᠡ ᠶᠢᠨ ᠵᠠᠮ ᠱᠤᠭᠤᠮ ᠤᠨ ᠵᠣᠭᠰᠣᠬᠤ ᠵᠣᠭᠰᠣᠭᠠᠯ ᠢᠶᠠᠷ ᠰᠣᠯᠢᠵᠤ᠂ ᠡᠭᠦᠨ ᠤ ᠵᠡᠷᠭᠡᠪᠡᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠴᠢᠨᠠᠷ ᠰᠠᠶᠢᠲᠠᠢ ᠬᠠᠩᠭᠠᠨ᠎ᠠ᠃ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠨᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠶᠢᠨ ᠫᠠᠶᠢᠰᠠ ᠪᠠᠶᠢᠷᠢᠯᠠᠭᠤᠯᠬᠤ ᠶᠢ ᠬᠠᠷᠢᠭᠤᠴᠠᠵᠤ᠂ ᠬᠤᠲᠠ ᠶᠢᠨ ᠲᠣᠭᠤᠷᠢᠭ ᠠᠴᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠬᠦᠷᠬᠦ ᠵᠠᠮ ᠱᠤᠭᠤᠮ ᠢ ᠨᠡᠭᠡᠭᠡᠬᠦ ᠪᠤᠶᠤ ᠦᠷᠭᠦᠯᠵᠢᠯᠡᠭᠦᠯᠦᠨ᠎ᠡ᠃ ᠭᠠᠯᠲᠤ ᠲᠡᠷᠭᠡᠨ ᠤ ᠵᠡᠭᠦᠨ ᠥᠷᠲᠡᠭᠡᠨ ᠤ ᠭᠠᠵᠠᠷ ᠳᠣᠣᠷᠠᠬᠢ ᠨᠡᠶᠢᠲᠡ ᠶᠢᠨ ᠵᠠᠮ ᠬᠠᠷᠢᠯᠴᠠᠭᠠᠨ ᠤ ᠬᠦᠢᠰᠦ ᠠᠴᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠬᠦᠷᠬᠦ ᠨᠡᠶᠢᠲᠡ ᠶᠢᠨ ᠵᠠᠮ ᠬᠠᠷᠢᠯᠴᠠᠭᠠᠨ ᠤ ᠵᠥᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠪᠡᠶᠡᠯᠡᠭᠦᠯᠬᠦ ᠴᠠᠭ ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ      ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠠᠶᠠᠨᠴᠢᠳ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠠᠵᠤ ᠠᠬᠤᠶᠢᠯᠠᠯ᠂ ᠬᠤᠲᠠ ᠶᠢᠨ ᠲᠣᠭᠤᠷᠢᠭ ᠤᠨ ᠡᠯ᠎ᠡ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ      ︵ᠲᠠᠪᠤ︶ ᠤᠯᠠᠨ ᠶᠠᠩᠵᠤ ᠪᠠᠷ ᠡᠵᠡᠩᠨᠡᠵᠦ᠂ ᠬᠡᠯᠪᠡᠷᠢ ᠶᠢ ᠬᠤᠪᠢᠷᠠᠭᠤᠯᠤᠨ ᠬᠥᠭᠵᠢᠭᠦᠯᠦᠨ᠎ᠡ      ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢ ᠪᠠᠲᠤᠯᠠᠭᠰᠠᠨ ᠤᠷᠢᠲᠠᠯ ᠳᠣᠣᠷ᠎ᠠ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠳᠡᠨ ᠣᠷᠣᠭᠤᠯᠤᠨ ᠰᠠᠭᠤᠯᠭᠠᠵᠤ᠂ ᠲᠠᠯᠠᠪᠤᠷ ᠥᠷᠲᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠭᠠᠯᠲᠤ ᠲᠡᠷᠭᠡᠨ ᠤ ᠵᠡᠭᠦᠨ ᠥᠷᠲᠡᠭᠡ ᠶᠢᠨ ᠬᠤᠳᠠᠯᠳᠤᠭᠠᠨ ᠤ ᠲᠣᠭᠤᠷᠢᠭ ᠲᠤ ᠵᠣᠬᠢᠴᠠᠭᠤᠯᠤᠨ ᠬᠠᠮᠢᠶ᠎ᠠ ᠪᠦᠬᠦᠢ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠶᠢ ᠡᠷᠬᠢᠯᠡᠵᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠠᠯᠬᠤᠮ ᠠᠯᠬᠤᠮ ᠢᠶᠠᠷ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠳᠠᠪᠤᠷᠢ ᠲᠠᠢ ᠰᠣᠶᠣᠯ ᠵᠢᠭᠤᠯᠴᠢᠯᠠᠯ᠂ ᠬᠤᠷᠠᠯ ᠦᠵᠡᠰᠬᠦᠯᠡᠩ᠂ ᠮᠠᠰᠢᠨ ᠲᠡᠷᠭᠡᠨ ᠤ ᠰᠣᠶᠣᠯ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠪᠦᠷᠢᠯᠳᠦᠭᠦᠯᠦᠭᠰᠡᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠪᠤᠰᠤᠳ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠦᠭᠦᠳ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 11 ᠶᠠᠮᠤᠨ ᠵᠥᠪᠯᠡᠯ ᠤᠨ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠲᠡᠭᠡᠭᠡᠪᠦᠷᠢ ﹇2023﹈ 45 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠣᠰ ᠲᠣᠰ ᠤᠨ ᠪᠣᠳᠠᠲᠠᠢ ᠲᠠᠢ ᠪᠠᠨ ᠤᠶᠠᠯᠳᠤᠭᠤᠯᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠡᠷᠡᠭᠲᠡᠢ᠃      ᠪᠡᠶᠡᠯᠡᠭᠦᠯᠬᠦ ᠴᠠᠭ᠄ 2024 ᠣᠨ ᠤ ᠵᠢᠯ ᠤᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ      ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ᠂ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠡᠯ᠎ᠡ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ      ︵ᠵᠢᠷᠭᠤᠭ᠎ᠠ︶ ᠡᠭᠡᠯᠵᠢ ᠶᠢᠨ ᠱᠤᠭᠤᠮ ᠤᠨ ᠬᠡᠯᠪᠡᠷᠢ ᠶᠢ ᠬᠤᠪᠢᠷᠠᠭᠤᠯᠵᠤ᠂ ᠰᠢᠨ᠎ᠡ ᠶᠢ ᠡᠭᠦᠳᠦᠨ ᠡᠵᠡᠩᠨᠡᠯᠲᠡ ᠬᠢᠨ᠎ᠡ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠥᠬᠦ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠨ ᠪᠠᠶᠢᠴᠠᠭᠠᠬᠤ ᠶᠢ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠠᠢ ᠭᠦᠢᠴᠡᠳ ᠵᠣᠯᠭᠠᠭᠤᠯᠤᠨ᠂ ᠨᠥᠬᠦᠴᠡᠯ ᠪᠦᠷᠢᠳᠦᠭᠦᠯᠦᠭᠰᠡᠨ ᠬᠤᠰᠢᠭᠤ ᠰᠢᠶᠠᠨ ᠤ ᠬᠤᠭᠤᠷᠣᠨᠳᠣᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠨᠡᠶᠢᠲᠡ ᠶᠢᠨ ᠵᠠᠮ ᠬᠠᠷᠢᠯᠴᠠᠭ᠎ᠠ ᠪᠣᠯᠭᠠᠨ ᠥᠭᠡᠷᠡᠴᠢᠯᠡᠬᠦ ᠶᠢ ᠪᠡᠶᠡᠯᠡᠭᠦᠯᠵᠦ᠂ ᠪᠤᠰᠤᠳ ᠠᠶᠠᠨᠴᠢᠳ ᠤᠨ ᠲᠡᠭᠡᠭᠡᠪᠦᠷᠢ ᠶᠢᠨ ᠱᠤᠭᠤᠮ ᠤᠨ ᠠᠵᠢᠯᠯᠠᠭᠠᠨ ᠤ ᠪᠠᠭ᠎ᠠ ᠬᠡᠯᠪᠡᠷᠢ ᠶᠢᠨ᠂ ᠰᠦᠯᠵᠢᠶ᠎ᠡ ᠪᠠᠷ ᠪᠣᠯᠵᠣᠬᠤ ᠮᠠᠶ᠋ᠢᠭ ᠤᠨ᠂ ︽ᠴᠡᠭ ᠠᠴᠠ ᠴᠡᠭ ᠲᠤ ᠬᠦᠷᠬᠦ᠂ ᠡᠭᠦᠳᠡ ᠠᠴᠠ ᠡᠭᠦᠳᠡᠨ ᠳᠤ ᠬᠦᠷᠬᠦ︾ ︽ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ︾ ᠶᠢᠨ ᠲᠡᠭᠡᠭᠡᠪᠦᠷᠢ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃      ᠪᠡᠶᠡᠯᠡᠭᠦᠯᠬᠦ ᠴᠠᠭ ᠄ 2024 ᠣᠨ ᠤ ᠵᠢᠯ ᠤᠨ ᠰᠡᠭᠦᠯᠴᠢ ᠠᠴᠠ ᠡᠮᠦᠨ᠎ᠡ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ      ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ      ︵ᠲᠤᠯᠤᠭ᠎ᠠ︶ ᠡᠮᠬᠢ ᠵᠢᠷᠤᠮ ᠢ ᠵᠢᠷᠤᠮᠵᠢᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠎ᠠ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠢ ᠵᠠᠰᠠᠵᠤ ᠴᠡᠭᠴᠡᠯᠡᠬᠦ ᠲᠤᠰᠬᠠᠢ ᠠᠵᠢᠯᠯᠠᠭ᠎ᠠ ᠥᠷᠨᠢᠭᠦᠯᠵᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠬᠢᠯᠡᠵᠦ ᠬᠡᠷᠡᠭᠯᠡᠭᠰᠡᠨ ᠤ ᠳᠠᠷᠠᠭᠠᠬᠢ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠠᠤᠯᠢ ᠪᠤᠰᠤ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ ᠡᠵᠡᠩᠨᠡᠬᠦ ᠵᠡᠷᠭᠡ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠠᠵᠢᠯ ᠲᠥᠷᠥᠯ ᠤᠨ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠭᠤᠴᠠᠭᠠᠨ ᠳᠠᠬᠢ ᠲᠣᠭᠲᠠᠭᠤᠨ ᠪᠤᠰᠤ ᠬᠦᠴᠦᠨ ᠵᠦᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠮᠣᠳᠠᠯ ᠲᠣᠭᠠᠴᠢᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠷᠢᠯᠴᠠᠵᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠬᠠᠮᠲᠤ ᠶᠢᠨ ᠴᠢᠨᠠᠷᠲᠠᠢ ᠬᠡᠷᠡᠭ ᠢ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃      ᠪᠡᠶᠡᠯᠡᠭᠦᠯᠬᠦ ᠴᠠᠭ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ      ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ      ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ      ᠡᠯ᠎ᠡ ᠨᠢᠭᠡᠴᠢ ᠨᠦᠭᠦᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠮᠠᠨ ᠤ ᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃      ︵ᠬᠤᠶᠠᠷ︶ ᠡᠳ᠋ ᠤᠨ ᠵᠠᠰᠠᠭ ᠭᠠᠶᠢᠯᠢ ᠶᠢᠨ ᠪᠠᠲᠤᠯᠠᠭ᠎ᠠ ᠶᠢ ᠴᠢᠩᠭᠠᠳᠬᠠᠨ᠎ᠠ      ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠬᠢᠯᠡᠵᠦ ᠬᠡᠷᠡᠭᠯᠡᠭᠰᠡᠨ ᠤ ᠳᠠᠷᠠᠭᠠᠬᠢ ᠤᠰᠤ᠂ ᠴᠠᠬᠢᠯᠭᠠᠨ᠂ ᠳᠤᠯᠠᠭᠠᠯᠠᠭ᠎ᠠ᠂ ᠭᠡᠷ ᠬᠥᠷᠥᠩᠭᠡ ᠶᠢᠨ ᠭᠠᠶᠢᠯᠢ᠂ ᠠᠳᠠᠯ ᠠᠬᠤᠢ ᠶᠢᠨ ᠬᠠᠮᠢᠶᠠᠷᠤᠯᠲᠠ ᠶᠢᠨ ᠵᠠᠷᠤᠳᠠᠯ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠠᠵᠢᠯ ᠢ ᠵᠦᠢ ᠵᠣᠬᠢᠰᠲᠠᠢ ᠰᠠᠶᠢᠲᠤᠷ ᠬᠢᠵᠦ᠂ ᠰᠢᠯᠵᠢᠯᠲᠡ ᠶᠢᠨ ᠬᠤᠭᠤᠴᠠᠭᠠᠨ ᠳᠤ ᠡᠵᠡᠩᠨᠡᠯᠲᠡ ᠶᠢᠨ ᠨᠥᠬᠦᠪᠦᠷᠢ ᠲᠣᠬᠢᠷᠠᠭᠤᠯᠤᠨ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠵᠡᠩᠨᠡᠯᠲᠡ ᠶᠢ ᠪᠠᠲᠤᠯᠠᠵᠤ᠂ ᠠᠶᠠᠨᠴᠢᠳ ᠤᠨ ᠲᠡᠭᠡᠭᠡᠪᠦᠷᠢ ᠶᠢᠨ ᠴᠢᠳᠠᠪᠤᠷᠢ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠨ᠎ᠠ᠃      ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ      ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠴᠦ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠬᠥᠲᠥᠯᠥᠨ ᠵᠢᠯᠤᠭᠤᠳᠴᠤ ᠪᠣᠢ ᠪᠣᠯᠭᠠᠨ᠂ ᠪᠥᠬᠦ ᠨᠡᠶᠢᠭᠡᠮ ᠢᠶᠠᠷ ᠢᠶᠠᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠬᠢᠯᠡᠨ ᠡᠵᠡᠩᠨᠡᠬᠦ ᠳᠤ ᠬᠠᠮᠲᠤ ᠪᠠᠷ ᠳᠡᠮᠵᠢᠵᠦ᠂ ᠬᠠᠮᠲᠤ ᠪᠠᠷ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠲᠦᠷᠦᠭᠦᠯᠡᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠤᠨ ᠪᠣᠳᠠᠲᠠᠢ ᠨᠠᠶᠢᠳᠠᠪᠤᠷᠢᠵᠢᠬᠤ ᠶᠢ ᠪᠠᠲᠤᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1