ᠵᠢᠦ ᠼᠠᠢ ᠵᠤᠸᠠᠩ ᠰᠢᠶᠠᠩ 2023 ᠣᠨ ᠤ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/3
      10 ᠳ᠋ᠤᠭᠠᠷ ᠰᠠᠷ᠎ᠠ ᠶᠢᠨ 27  ᠤ ᠦᠳᠡ ᠶᠢᠨ ᠬᠤᠶᠢᠨ᠎ᠠ᠂ ᠵᠢᠦ ᠼᠠᠢ ᠵᠤᠸᠠᠩ ᠰᠢᠶᠠᠩ 2023 ᠣᠨ ᠤ ᠰᠢᠶᠠᠩ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠸᠠᠩ ᠶᠦᠨ ᠹᠧᠩ ᠡᠷᠬᠢᠯᠡᠵᠦ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ ᠢ ᠳᠠᠭᠠᠭᠠᠴᠢᠯᠠᠬᠤ ᠳᠠᠷᠤᠭ᠎ᠠ᠂ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠤᠨ ᠪᠠᠶᠢᠭᠤᠯᠤᠯᠲᠠ  ᠶᠢ ᠨᠡᠩ ᠰᠠᠶᠢᠲᠤᠷ ᠠᠬᠢᠭᠤᠯᠤᠶ᠎ᠠ︾ ᠭᠡᠬᠦ ᠴᠢᠬᠤᠯᠠ ᠵᠣᠬᠢᠶᠠᠯ᠂ ᠶᠡᠷᠦᠩᠬᠡᠢ ᠱᠦᠵᠢ ᠰᠢ ᠶᠢᠨ ᠫᠢᠩ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ︽ᠦᠨᠡᠨ︾ ᠰᠡᠳᠬᠦᠯ ᠳᠤ ᠨᠡᠶᠢᠲᠡᠯᠡᠭᠰᠡᠨ ︽ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠲᠦᠰᠢᠭᠯᠡᠨ ᠲᠡᠦᠬᠡ ᠶᠢᠨ ᠦᠶᠡᠯᠡᠯ ᠠᠴᠠ ᠳᠠᠪᠠᠭ᠋ᠤ ᠠᠮᠵᠢᠯᠲᠠ ᠲᠠᠢ ᠵᠠᠮ ᠢ ᠬᠠᠶᠢᠨ ᠰᠦᠪᠡᠭᠴᠢᠯᠡᠶ᠎ᠡ︾ ᠭᠡᠰᠡᠨ ᠴᠢᠬᠤᠯᠠ ᠵᠣᠬᠢᠶᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠂ ᠰᠢ ᠶᠢᠨ ᠫᠢᠩ ᠶᠡᠷᠦᠩᠬᠡᠢ ᠱᠦᠵᠢ ᠶᠢᠨ ᠵᠧᠵᠢᠶᠠᠩ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ︾᠂ ᠶᠡᠷᠦᠩᠬᠡᠢ ᠱᠦᠵᠢ ᠰᠢ ᠶᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠬᠠᠮᠲᠤ ᠪᠠᠷ ᠢᠶᠠᠨ ᠰᠤᠷᠤᠯᠴᠠᠪᠠ᠃      ᠬᠤᠷᠠᠯ ᠡᠴᠠ‌‍ᠴᠢᠬᠤᠯᠠᠴᠢᠯᠠᠭᠰᠠᠨ ᠨᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠠᠬᠢᠭᠤᠯᠬᠤ ᠳᠤᠮᠳᠠᠬᠢ ᠴᠢᠬᠤᠯᠠ ᠶᠡᠭᠡ ᠦᠢᠯᠡᠳᠦᠯ ᠢ ᠭᠦᠨᠵᠡᠭᠡᠢ ᠲᠠᠨᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠩᠭ᠎ᠠ ᠬᠦᠭ ᠠᠶᠠᠰ ᠢᠶᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠬᠤ ᠬᠡᠷᠡᠭᠲᠡᠢ︔ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠦᠷᠢᠮ︾ ᠤᠨ ᠠᠭᠤᠯᠭ᠎ᠠ ᠶᠢ ᠬᠢᠨᠠᠮᠠᠭᠠᠢ ᠰᠤᠷᠤᠯᠴᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠠᠷᠴᠢᠮ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠣᠶᠣᠭᠠᠯᠠᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠨ᠂ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠵᠢᠦ ᠼᠠᠢ ᠵᠦᠸᠠᠩ ᠲᠣᠰᠬᠤᠨ ᠤ ᠴᠢᠨᠠᠷ ᠰᠠᠶᠢᠲᠠᠢ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1