ᠴᠢᠩ ᠱᠦᠢ ᠾᠧ ᠰᠢᠶᠠᠨ ᠤ ᠠᠩᠬᠠᠳᠠᠭᠴᠢ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/11/3
      ᠴᠢᠩ ᠱᠦᠢ ᠾᠧ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠳᠤ ᠨᠡᠶᠢᠲᠡ 1300 ᠲᠦᠮᠡᠨ ᠲᠥᠭᠦᠷᠢᠭ ᠤᠨ ᠪᠡᠯᠡ ᠣᠷᠣᠭᠤᠯᠵᠤ᠂ 46337.6  ᠲᠡᠭᠰᠢ ᠳᠥᠷᠪᠡᠯᠵᠢᠨ ᠮᠧᠲᠷ ᠤᠨ ᠲᠠᠯᠠᠪᠠᠶ ᠡᠵᠡᠯᠡᠵᠦ᠂ ᠡᠩ ᠤᠨ ᠪᠥᠮᠪᠦᠭᠡ ᠶᠢᠨ ᠲᠥᠷᠥᠯ ᠤᠨ ᠲᠠᠯᠠᠪᠤᠷ᠂ ᠵᠤᠭᠠᠴᠠᠯ ᠤᠨ ᠵᠠᠮ᠂ ᠬᠥᠳᠡᠯᠭᠡᠭᠡᠨ ᠤ ᠲᠠᠯᠠᠪᠠᠶ᠂ ᠬᠡᠦᠬᠡᠳ ᠤᠨ ᠬᠥᠳᠡᠯᠭᠡᠭᠡᠨ ᠤ ᠪᠡᠯᠡᠳᠬᠡᠮᠵᠢ ᠵᠡᠷᠭᠡ ᠢᠵᠢ ᠪᠦᠷᠢᠳᠦᠭᠰᠡᠨ ᠰᠠᠭᠤᠷᠢ ᠪᠡᠯᠡᠳᠬᠡᠮᠵᠢ ᠶᠢ ᠪᠠᠶᠢᠭᠤᠯᠪᠠ᠃ ᠣᠲᠣ ᠪᠣᠯᠲᠠᠯ᠎ᠠ᠂ ᠪᠥᠬᠦ ᠪᠠᠷᠢᠯᠭ᠎ᠠ ᠶᠢᠨ ᠬᠡᠮᠵᠢᠶ᠎ᠡ ᠶᠢᠨ 95% ᠶᠢ ᠪᠡᠶᠡᠯᠡᠭᠦᠯᠪᠡ᠂ 4 ᠥᠳᠥᠨ ᠪᠥᠮᠪᠦᠭᠡ ᠶᠢᠨ ᠲᠠᠯᠠᠪᠤᠷ᠂ 2 ᠰᠠᠭᠰᠤᠨ ᠪᠥᠮᠪᠦᠭᠡ ᠶᠢᠨ ᠲᠠᠯᠠᠪᠤᠷ᠂ 12 ᠫᠢᠩᠫᠠᠩ ᠪᠥᠮᠪᠦᠭᠡ ᠶᠢᠨ ᠲᠠᠯᠠᠪᠤᠷ᠂ 2 ᠬᠥᠯ ᠪᠥᠮᠪᠦᠭᠡ ᠶᠢᠨ ᠲᠠᠯᠠᠪᠤᠷ ᠢ ᠨᠢᠭᠡᠨᠲᠡ ᠪᠠᠶᠢᠭᠤᠯᠵᠤ ᠳᠠᠭᠤᠰᠬᠠᠵᠤ᠂ 5115 ᠲᠡᠭᠰᠢ ᠳᠥᠷᠪᠡᠯᠵᠢᠨ ᠮᠧᠲᠷ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂ ᠨᠢᠭᠡᠨ ᠪᠡᠶ᠎ᠡ ᠴᠢᠭᠢᠷᠠᠭᠵᠢᠭᠤᠯᠬᠤ ᠵᠠᠮ᠂ 1.4 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠠᠯᠬᠤᠬᠤ ᠵᠠᠮ ᠢ ᠨᠢᠭᠡᠨᠲᠡ ᠪᠠᠶᠢᠭᠤᠯᠵᠤ ᠳᠠᠭᠤᠰᠬᠠᠪᠠ᠃ ᠣᠲᠣ ᠶᠠᠭ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ᠂ ᠣᠲᠣ ᠨᠢᠭᠡᠨᠲᠡ ᠪᠥᠬᠦ ᠰᠢᠶᠠᠨ ᠤ ᠣᠯᠠᠨ ᠲᠦᠮᠡᠨ ᠳᠤ ᠬᠠᠨᠳᠤᠭᠤᠯᠤᠨ ᠨᠡᠭᠡᠭᠡᠨ ᠲᠤᠷᠰᠢᠨ ᠠᠵᠢᠯᠯᠠᠭᠤᠯᠵᠤ ᠪᠠᠶᠢᠨ᠎ᠠ᠂ ᠵᠢᠱᠢᠯᠲᠡ ᠪᠠᠷ 2023 ᠣᠨ ᠤ 11 ᠳ᠋ᠦ᠋ᠭᠡᠷ ᠰᠠᠷ᠎ᠠ ᠳᠤ ᠪᠠᠷᠢᠯᠭ᠎ᠠ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1