ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/3
      11 ᠳ᠋ᠦ᠋ᠭᠡᠷ ᠰᠠᠷ᠎ᠠ ᠶᠢᠨ 1 ᠤ ᠡᠳᠦᠷ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠥᠭᠡᠳ ᠠᠯᠪᠠᠨ ᠭᠡᠷ ᠤᠨ ᠡᠷᠬᠢᠯᠡᠭᠴᠢ ᠮᠠ ᠵᠢᠶᠠᠨ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠭᠤᠣᠯ ᠰᠡᠳᠦᠪᠲᠦ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠤᠯᠠᠨ ᠲᠠᠯ᠎ᠠ ᠠᠴᠠ ᠬᠦᠴᠦᠯᠡᠵᠦ᠂ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠶᠢ ᠪᠠᠷᠢᠮᠲᠠᠯᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠭᠤᠣᠯ ᠴᠢᠮᠦᠭᠡ ᠴᠢᠬᠤᠯᠠ ᠠᠭᠤᠯᠭ᠎ᠠ ᠶᠢ ᠡᠵᠡᠮᠳᠡᠵᠦ᠂ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠲᠣᠭᠲᠠᠮᠠᠯ ᠴᠠᠭ ᠪᠠ ᠨᠡᠭᠦᠳᠡᠯ ᠰᠤᠷᠤᠯᠴᠠᠯᠭ᠎ᠠ ᠶᠢ ᠤᠶᠠᠯᠳᠤᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂  ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠬᠦᠴᠢᠷ ᠵᠣᠪᠠᠭᠤᠷᠢ ᠶᠢ ᠦᠨᠡᠨᠬᠦ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠠᠷᠢᠯᠢᠭᠵᠢᠭᠤᠯᠤᠨ ᠵᠢᠯᠤᠭᠤᠳᠴᠤ᠂ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠵᠠᠩᠭᠢᠯᠠᠭ᠎ᠠ ᠪᠠ ᠭᠤᠣᠯᠳᠠᠯᠭ᠎ᠠ ᠶᠢ ᠠᠩᠬᠠᠷᠴᠤ᠂ ᠠᠵᠢᠯ ᠤᠨ ᠠᠬᠢᠭᠤᠯᠤᠯᠲᠠ ᠶᠢ ᠴᠢᠩᠭᠠᠳᠬᠠᠵᠤ᠂ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠨ ᠵᠠᠰᠠᠵᠤ᠂ ᠪᠦᠬᠦ ᠰᠢᠶᠠᠨ ᠤ ᠭᠤᠣᠯ ᠰᠡᠳᠦᠪᠲᠦ ᠬᠥᠮᠦᠵᠢᠯ ᠢ ᠪᠣᠳᠠᠲᠠᠢ ᠠᠳᠬᠤᠵᠤ ᠰᠠᠶᠢᠲᠤᠷ ᠠᠳᠬᠤᠵᠤ ᠦᠷ᠎ᠡ ᠪᠦᠲᠦᠮᠵᠢ ᠭᠠᠷᠭᠠᠵᠤ᠂ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠴᠢᠩ ᠱᠦᠢ ᠾᠧ ᠰᠢᠶᠠᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠢᠭᠤᠳ ᠬᠠᠮᠢᠶᠠᠷᠴᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠡᠯ᠎ᠡ ᠪᠦᠷᠢᠯᠳᠦᠭᠦᠨ᠂ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1