ᠭᠦᠭᠡᠬᠤᠳᠠ ᠶᠢᠨ ︽ᠭᠠᠷ ᠤᠨ ᠠᠶ᠎ᠠ ᠪᠠᠷ ᠰᠡᠭᠦᠳᠡᠷᠯᠡᠬᠦ︾ ᠲᠠᠪᠴᠠᠩ 3 ᠲᠦᠮᠡ ᠭᠠᠷᠤᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠡᠷᠡᠭ ᠤᠨ ᠰᠦᠪᠡᠭᠴᠢ ᠶᠢ ᠭᠥᠯᠢᠶᠡᠨ ᠠᠪᠴᠤ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2023/11/6
     ᠡᠨᠡ ᠵᠢᠯ ᠤᠨ 5 ᠰᠠᠷ᠎ᠠ ᠶᠢᠨ 15 ᠤ  ᠡᠳᠦᠷ ᠠᠴᠠ ᠡᠬᠢᠯᠡᠵᠦ᠂ ᠭᠦᠭᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ᠭᠦᠭᠡᠬᠤᠳᠠ ᠪᠠᠨ ᠬᠠᠶᠢᠷᠠᠯᠠᠬᠤ︾ App ᠳᠡᠭᠡᠷ᠎ᠡ  ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ᠭᠠᠷ ᠤᠨ ᠠᠶ᠎ᠠ ᠪᠠᠷ ᠰᠡᠭᠦᠳᠡᠷᠯᠡᠬᠦ︾ ᠴᠢᠳᠠᠮᠵᠢ ᠶᠢ ᠨᠠᠪᠲᠠᠷᠡᠭᠦᠯᠵᠦ᠂ ︽ᠭᠠᠷ ᠤᠨ ᠠᠶ᠎ᠠ ᠪᠠᠷ ᠰᠡᠭᠦᠳᠡᠷᠯᠡᠬᠦ︾ ᠭᠡᠯᠪᠡᠷᠢ ᠪᠠᠷ ᠳᠠᠮᠵᠢᠭᠤᠯᠤᠨ ᠨᠠᠩ ᠣᠯᠠᠨ ᠬᠥᠮᠥᠰ ᠢ ᠭᠦᠭᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ᠬᠢᠨᠠᠯᠲᠠ ᠲᠠᠯᠪᠢᠭᠴᠢ ᠪᠣᠯᠭᠠᠪᠠ᠃ ᠣᠳᠣᠬᠠᠨ ᠪᠤᠯᠳᠠᠯ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ︽ᠭᠠᠷ ᠤᠨ ᠠᠶ᠎ᠠ ᠪᠠᠷ ᠰᠡᠭᠦᠳᠡᠷᠯᠡᠬᠦ︾ ᠲᠠᠪᠴᠠᠩ ᠨᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠵᠠᠮ ᠬᠠᠷᠢᠯᠴᠠᠭᠠᠨ ᠤ ᠬᠠᠤᠯᠢ ᠠᠴᠠ  ᠵᠥᠷᠢᠴᠡᠭᠰᠡᠨ ᠬᠡᠷᠡᠭ ᠤᠨ ᠰᠦᠪᠡᠭᠴᠢ ᠶᠢ 33187 ᠬᠤᠷᠢᠶᠠᠨ ᠣᠯᠵᠠᠢ᠃      ᠵᠢᠯᠤᠭᠤᠳᠬᠤ ᠲᠥᠪ ᠤᠨ ᠠᠵᠢᠯᠲᠠᠨ ᠰᠦᠯᠵᠢᠶᠡᠨ ᠳᠡᠭᠡᠷ᠎ᠡ ᠠᠴᠠ ᠣᠯᠠᠨ ᠲᠦᠮᠡᠨ ᠤ ᠰᠡᠭᠦᠳᠡᠷᠯᠡᠭᠰᠡᠨ ᠸᠢᠳᠢᠤ᠋  ᠪᠠ ᠵᠢᠷᠤᠭ ᠢ ᠣᠯᠵᠤ ᠦᠵᠡᠭᠰᠡᠨ ᠳᠠᠷᠤᠶᠢᠬᠠᠨ  ᠸᠢᠳᠢᠤ᠋  ᠪᠠ ᠵᠢᠷᠤᠭ ᠢ ᠬᠢᠨᠠᠨ ᠬᠠᠷᠭᠤᠭᠤᠯᠤᠭᠠᠳ᠂ ᠰᠢᠢᠳᠬᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠵᠠᠮ ᠬᠠᠷᠢᠯᠴᠠᠭᠠᠨ ᠤ ᠴᠠᠭᠳᠠᠭ᠎ᠠ ᠠᠴᠠ  ᠰᠢᠢᠳᠬᠡᠬᠦ ᠲᠣᠭᠲᠠᠭᠠᠯ ᠤᠨ ᠪᠢᠴᠢᠭ ᠭᠠᠷᠭᠠᠵᠤ ᠥᠭᠬᠦ ᠶᠢᠨ ᠬᠠᠮᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ᠲᠠᠪᠴᠠᠩ ᠢᠶᠠᠷ ᠳᠠᠮᠵᠢᠭᠤᠯᠤᠨ ᠬᠠᠤᠯᠢ ᠠᠴᠠ  ᠵᠥᠷᠢᠴᠡᠭᠰᠡᠨ  ᠮᠠᠰᠢᠨ ᠲᠡᠷᠭᠡᠨ ᠤ ᠡᠵᠡᠨ ᠳᠤ ᠮᠡᠳᠡᠭᠳᠡᠨ᠎ᠡ ;ᠰᠦᠪᠡᠭᠴᠢ ᠶᠢ ᠤᠯᠠᠮ ᠴᠢᠨᠠᠭᠰᠢᠳᠠ  ᠬᠢᠨᠠᠨ ᠬᠠᠷᠭᠤᠭᠤᠯᠬᠤ ᠴᠢᠬᠤᠯᠠᠲᠠᠢ ᠪᠠᠶᠢᠪᠠᠯ᠂ ᠲᠠᠪᠴᠠᠩ ᠤᠨ ᠠᠵᠢᠯᠲᠠᠨ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠴᠠᠭᠳᠠᠭ᠎ᠠ ᠳᠤ ᠮᠡᠳᠡᠭᠳᠡᠵᠦ ᠲᠤᠬᠠᠢ ᠶᠢᠨ ᠲᠠᠯᠠᠪᠤᠷ ᠲᠤ ᠬᠦᠷᠴᠦ ᠬᠢᠨᠠᠨ ᠬᠠᠷᠭᠤᠭᠤᠯᠤᠭᠰᠠᠨ ᠤ ᠳᠠᠷᠠᠭ᠎ᠠ ᠪᠣᠳᠠᠲᠠᠢ ᠪᠠᠶᠢᠳᠠᠯ ᠢ ᠦᠨᠳᠦᠰᠦᠯᠡᠨ ᠰᠢᠢᠳᠬᠡᠯ ᠥᠭᠬᠦ ᠡᠰᠡᠬᠦ ᠶᠢ ᠲᠣᠭᠲᠠᠭᠠᠨ᠎ᠠ᠃  ᠪᠦᠷᠢᠳᠬᠡᠯ ᠢ  ᠦᠨᠳᠦᠰᠦᠯᠡᠪᠡᠯ᠂ ᠡᠮᠦᠨ᠎ᠡ  ᠭᠤᠷᠪᠠ   ᠳᠤ  ᠵᠢᠭᠰᠠᠵᠤ  ᠪᠠᠶᠢᠭ᠎ᠠ  ᠢᠯᠡᠴᠢᠯᠡᠨ ᠮᠡᠳᠡᠭᠦᠯᠦᠭᠰᠡᠨ ᠬᠠᠤᠯᠢ ᠠᠴᠠ ᠵᠥᠷᠢᠴᠡᠭᠰᠡᠨ  ᠠᠵᠢᠯᠯᠠᠭ᠎ᠠ ᠳᠤ᠂ ᠬᠠᠤᠯᠢ ᠠᠴᠠ ᠵᠥᠷᠢᠴᠡᠨ ᠮᠠᠰᠢᠨ ᠲᠡᠷᠭᠡ  ᠵᠣᠭᠰᠤᠭᠠᠬᠤ᠂  ᠴᠠᠭᠠᠵᠠᠯᠠᠬᠤ ᠲᠡᠮᠳᠡᠭ   ᠢ ᠵᠥᠷᠢᠴᠡᠬᠦ᠂  ᠴᠠᠭᠠᠵᠠᠯᠠᠬᠤ ᠵᠢᠷᠤᠭᠠᠰᠤ ᠶᠢ ᠵᠥᠷᠢᠴᠡᠭᠰᠡᠨ  ᠶᠠᠪᠤᠳᠠᠯ  ᠪᠠᠶᠢᠵᠤ᠂ ᠲᠤᠰ ᠲᠤᠰ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢᠨ ᠪᠦᠭᠦ ᠲᠣᠭᠠᠨ ᠤ 90.37%᠂ 3.38%᠂ 2.23% ᠶᠢ ᠡᠵᠡᠯᠡᠵᠦ ᠪᠠᠶᠢᠨ᠎ᠠ᠃      ᠣᠶᠢᠯᠠᠭᠠᠭᠰᠠᠨ ᠢᠶᠠᠷ ︽ᠭᠠᠷ ᠤᠨ ᠠᠶ᠎ᠠ ᠪᠠᠷ ᠰᠡᠭᠦᠳᠡᠷᠯᠡᠬᠦ︾ ᠶᠢ  ᠨᠠᠩ ᠰᠠᠶᠢᠨ ᠬᠡᠷᠡᠭᠵᠢᠭᠦᠯᠬᠦ ᠶᠢᠨ ᠲᠥᠯᠥᠭᠡ᠂ ᠭᠦᠭᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠪᠠᠰᠠ  10 ᠰᠠᠷ᠎ᠠ ᠶᠢᠨ 5 ᠤ  ᠡᠳᠦᠷ ᠨᠡᠶᠢᠭᠡᠮ ᠨᠡᠶᠢᠲᠡ ᠳᠤ ︽ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠤᠯᠢ ᠠᠴᠠ  ᠵᠥᠷᠢᠴᠡᠭᠰᠡᠨ  ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ ︵ᠰᠠᠨᠠᠯ ᠬᠤᠷᠢᠶᠠᠬᠤ ᠨᠣᠣᠷᠠᠭ︶︾ ᠶᠢ  ᠨᠡᠶᠢᠲᠡᠯᠡᠵᠦ᠂ ᠢᠯᠡᠴᠢᠯᠡᠨ ᠮᠡᠳᠡᠭᠦᠯᠬᠦ ᠲᠠᠪᠴᠠᠩ ᠪᠠ ᠬᠠᠤᠯᠢ ᠠᠴᠠ ᠵᠥᠷᠢᠴᠡᠨ ᠮᠠᠰᠢᠨ ᠲᠡᠷᠭᠡ ᠵᠣᠭᠰᠣᠭᠠᠭᠰᠠᠨ ᠠᠴᠠ ᠪᠤᠰᠤᠳ 14 ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠪᠣᠳᠠᠲᠠᠢ ᠲᠥᠷᠥᠯ ᠵᠦᠢᠯ ᠵᠢᠴᠢ ᠱᠠᠩᠨᠠᠬᠤ ᠵᠣᠭᠤᠰ ᠤᠨ ᠲᠤᠭ᠎ᠠ ᠶᠢ ᠲᠣᠳᠣᠷᠬᠠᠢ ᠲᠣᠭᠲᠠᠭᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1