︽ᠬᠥᠬᠡᠬᠤᠲᠠ ᠶᠢᠨ ᠬᠥᠮᠥᠨ ᠢ ᠲᠠᠲᠠᠨ ᠣᠷᠣᠭᠤᠯᠵᠤ ᠬᠦᠮᠦᠨ ᠢ ᠦᠯᠡᠳᠡᠭᠡᠬᠦ 18 ᠵᠣᠷᠪᠣᠰ ᠠᠷᠭ᠎ᠠ ᠬᠡᠮᠵᠢᠶ᠎ᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/6
     ᠬᠥᠮᠥᠨ ᠪᠣᠯ ᠠᠵᠤ ᠦᠢᠯᠡᠰ ᠤᠨ ᠰᠠᠭᠤᠷᠢ᠂ ᠬᠤᠳᠠ ᠶᠢᠨ ᠭᠤᠣᠯᠯᠠᠭᠴᠢ ᠮᠥᠨ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠬᠥᠮᠥᠨ ᠠᠮᠠ ᠶᠢ ᠲᠥᠪᠯᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠥᠮᠥᠨ ᠢ ᠬᠥᠬᠡᠬᠤᠲᠠ ᠳᠤ  ᠲᠠᠲᠠᠨ ᠣᠷᠣᠭᠤᠯᠵᠤ᠂ ᠴᠢᠳᠠᠪᠤᠷᠢᠲᠠᠨ ᠢ ᠴᠤᠭᠯᠠᠭᠤᠯᠤᠨ ᠬᠤᠳᠠ ᠶᠢ ᠬᠥᠭᠵᠢᠭᠦᠯᠬᠦ︾ ᠤᠳᠤᠷᠢᠳᠤᠮᠵᠢ ᠶᠢ ᠪᠠᠷᠢᠮᠲᠠᠯᠠᠵᠤ᠂ ᠨᠡᠩ ᠢᠳᠡᠪᠬᠢᠲᠡᠢ ᠬᠥᠮᠥᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠰᠠᠭᠤᠷᠢ ᠦᠢᠯᠡᠳᠦᠯ ᠢ ᠴᠢᠩᠭᠠᠳᠬᠠᠵᠤ᠂ ᠬᠤᠳᠠ ᠶᠢᠨ ᠳᠠᠭᠠᠭᠠᠴᠠ ᠶᠢ ᠦᠷᠭᠦᠯᠵᠢᠯᠡᠨ ᠳᠡᠭᠡᠭᠰᠢᠯᠡᠭᠦᠯᠦᠭᠰᠡᠭᠡᠷ ᠢᠷᠡᠪᠡ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠬᠤᠲᠠ ᠶᠢᠨ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠮᠥᠨ ᠠᠮᠠ ᠶᠢ ᠲᠠᠲᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠮᠥᠰ  ᠢ ᠨᠢᠭᠲᠠᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠲᠠ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠬᠤ ᠪᠠ ᠭᠦᠢᠴᠡᠳ ᠪᠠᠶᠢᠴᠠᠭᠠᠨ ᠰᠤᠳᠤᠯᠵᠤ ᠨᠤᠲᠠᠯᠠᠬᠤ ᠪᠠᠷ ᠳᠡᠮᠵᠢᠨ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 10 ᠵᠤᠷᠪᠤᠰ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ︽ᠬᠥᠬᠡᠬᠤᠲᠠ ᠶᠢᠨ  ᠬᠦᠮᠦᠨ ᠢ ᠲᠠᠲᠠᠨ ᠣᠷᠣᠭᠤᠯᠵᠤ ᠬᠦᠮᠦᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ︵ᠳᠣᠷᠣᠭᠰᠢ ︽18 ᠵᠤᠷᠪᠤᠰ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠲᠣᠭᠲᠠᠭᠠᠪᠠ᠃      ᠨᠢᠭᠡ᠂ ︽18 ᠵᠤᠷᠪᠤᠰ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ      ᠲᠣᠰ ᠤᠳᠠᠭ᠎ᠠ ᠨᠡᠶᠢᠲᠡᠯᠡᠭᠰᠡᠨ 18 ᠵᠦᠢᠯ ᠤᠨ ᠠᠷᠭ᠎ᠠ ᠬᠡᠮᠵᠢᠶ᠎ᠡ ᠨᠢ 2025 ᠣᠨ ᠪᠣᠯᠬᠤ ᠳᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢ 375 ᠲᠦᠮᠡ ᠶᠢ  ᠳᠠᠪᠠᠭᠤᠯᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ ᠶᠢ 300 ᠲᠦᠮᠡ ᠶᠢ ᠳᠠᠪᠠᠭᠤᠯᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠵᠠᠯᠠᠭᠤ ᠣᠶᠤᠲᠠᠳ ᠪᠠ ᠬᠥᠬᠡᠬᠤᠲᠠ ᠳᠤ ᠢᠷᠡᠭᠰᠡᠨ ᠠᠵᠢᠯᠴᠢᠨ ᠠᠵᠢᠯᠳᠠᠳ ᠬᠤᠶᠠᠷ ᠶᠡᠭᠡ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠬᠡᠬᠤᠲᠠ ᠳᠤ ᠢᠷᠡᠭᠰᠡᠨ ᠬᠥᠮᠥᠰ ᠤᠨ ᠬᠠᠮᠤᠭ ᠠᠴᠠ ᠠᠩᠬᠠᠷᠤᠳᠠᠭ ᠠᠵᠢᠯ ᠣᠯᠭᠤᠯᠲᠠ᠂ ᠣᠷᠣᠨ ᠰᠠᠭᠤᠴᠠ᠂ ᠰᠤᠷᠭᠠᠨ ᠬᠥᠮᠦᠵᠢᠯ  ᠡᠮᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠠᠴᠠ ᠭᠠᠷᠳᠠᠵᠤ᠂ ᠳᠥᠷᠪᠡᠨ ᠲᠠᠯ᠎ᠠ ᠶᠢᠨ 18 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃      ᠨᠢᠭᠡᠳᠦᠭᠡᠷ ᠲᠤ᠂ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠦᠨ᠎ᠡ᠃ ᠨᠡᠶᠢᠲᠡ 6 ᠵᠦᠢᠯ ᠤᠨ ᠠᠷᠭ᠎ᠠ ᠬᠡᠮᠵᠢᠶ᠎ᠡ ᠪᠣᠢ᠃ ᠮᠠᠨ ᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠦᠢᠯᠡᠳᠬᠦ ᠦᠢᠯᠡᠰ ᠢ ᠬᠦᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠬᠦ ᠪᠠᠷ ᠳᠠᠮᠵᠢᠭᠤᠯᠤᠨ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ᠂ ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠭᠵᠢᠬᠦᠯᠵᠦ ᠠᠵᠢᠯ ᠤᠨ ᠪᠠᠶᠢᠷᠢ ᠶᠢ ᠥᠷᠭᠡᠳᠬᠡᠬᠦ᠂ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠥᠷᠭᠡᠳᠬᠡᠨ ᠠᠵᠢᠯᠲᠠᠨ ᠠᠵᠢᠯᠴᠢᠨ ᠡᠯᠰᠡᠭᠰᠡᠨ ᠨᠥᠬᠦᠪᠦᠷᠢ ᠣᠯᠭᠤᠬᠤ᠂ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠂ ᠦᠢᠯᠡᠰ ᠴᠣᠭᠴᠠᠯᠠᠬᠤ ᠶᠢ ᠲᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠣᠯᠬᠤ ᠣᠷᠣᠨ ᠵᠠᠢ ᠶᠢ ᠥᠷᠭᠡᠳᠬᠡᠵᠦ᠂ ᠠᠵᠤ ᠦᠢᠯᠡᠰ ᠤᠨ ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠭᠤᠷᠪᠠᠨ ᠵᠢᠯ ᠤᠨ ᠳᠣᠲᠣᠷ᠎ᠠ 15 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃      ᠬᠤᠶᠠᠳᠤᠭᠠᠷ ᠲᠤ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠭᠦᠨ ᠳᠤ ᠨᠡᠶᠢᠲᠡ 5 ᠵᠦᠢᠯ ᠤᠨ ᠠᠷᠭ᠎ᠠ ᠬᠡᠮᠵᠢᠶ᠎ᠡ ᠪᠣᠢ᠃ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ ᠣᠯᠭᠤᠬᠤ᠂ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢᠨ ᠨᠥᠬᠦᠪᠦᠷᠢ ᠣᠯᠭᠤᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠳᠠᠨ᠎ᠠ ᠠᠴᠠ ᠢᠷᠡᠭᠰᠡᠨ ᠬᠥᠮᠥᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃      ᠭᠤᠷᠪᠠᠳᠤᠭᠠᠷ ᠲᠤ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ ᠃ ᠡᠭᠦᠨ ᠳᠤ ᠨᠡᠶᠢᠲᠡ 4 ᠵᠦᠢᠯ ᠤᠨ ᠠᠷᠭ᠎ᠠ ᠬᠡᠮᠵᠢᠶ᠎ᠡ ᠪᠣᠢ᠃ ᠰᠤᠷᠭᠠᠨ ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠭᠠᠳᠠᠨ᠎ᠠ ᠠᠴᠠ ᠢᠷᠡᠭᠰᠡᠨ ᠬᠥᠮᠥᠰ ᠤᠨ ᠦᠷ᠎ᠡ ᠬᠡᠦᠬᠡᠳ ᠤᠨ ︽ᠰᠤᠷᠭᠠᠭᠤᠯᠢ ᠳᠤ ᠣᠷᠣᠬᠤ᠂ ᠰᠠᠶᠢᠨ ᠰᠤᠷᠭᠠᠭᠤᠯᠢ ᠳᠤ ᠣᠷᠣᠬᠤ︾ ᠬᠡᠷᠡᠭᠴᠡᠭᠡ ᠪᠠ ᠰᠢᠯᠢᠳᠡᠭ ᠡᠮᠴᠢᠯᠡᠭᠡᠨ ᠤ ᠦᠢᠯᠡᠴᠢᠯᠡᠭᠡ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠠᠯᠢ ᠴᠢᠳᠠᠬᠤ ᠪᠠᠷ ᠬᠠᠩᠭᠠᠨ᠎ᠠ᠃ ᠡᠭᠦᠨ ᠤ ᠬᠠᠮᠲᠤ᠂ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠮᠠᠨ ᠤ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠭᠡᠷ ᠪᠦᠯᠢ ᠳᠤ ᠬᠡᠦᠬᠡᠳ ᠬᠥᠮᠥᠵᠢᠭᠦᠯᠬᠦ ᠨᠥᠬᠦᠪᠦᠷᠢ ᠮᠥᠩᠭᠦ ᠣᠯᠭᠤᠨ᠎ᠠ᠃      ᠳᠥᠷᠪᠡᠳᠦᠭᠡᠷ ᠲᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ  ᠭᠠᠷᠭᠠᠨ᠎ᠠ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠪᠣᠢ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠂ ︽ᠤᠯᠠᠭᠠᠨ ᠠᠨᠠᠷ ᠤᠨ ᠥᠷᠲᠡᠭᠡ︾᠂ ︽ᠰᠤᠯᠠ ᠠᠵᠢᠯ ᠤᠨ ᠵᠠᠬ᠎ᠠ ᠳᠡᠯᠭᠡᠭᠦᠷ︾᠂ ︽ᠵᠠᠯᠠᠭᠤᠴᠤᠳ ᠤᠨ ᠭᠡᠷ  ᠣᠷᠣᠨ︾ ᠵᠡᠷᠭᠡ ᠣᠯᠠᠨ ᠶᠠᠩᠵᠤ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠂ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ᠂ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠰᠡᠳᠬᠢᠯ ᠢ   ᠨᠢ ᠠᠷᠭᠠᠮᠵᠢᠵᠤ ᠬᠥᠮᠥᠨ ᠢ ᠦᠯᠡᠳᠡᠭᠡᠬᠦ︾ ᠬᠤᠲᠠ ᠶᠢᠨ ︽ᠵᠥᠭᠡᠯᠡᠨ ᠣᠷᠴᠢᠨ ᠲᠣᠭᠤᠷᠢᠨ︾ ᠢ ᠪᠣᠶ ᠪᠣᠯᠭᠠᠨ᠎ᠠ᠃      ᠬᠤᠶᠠᠷ᠂ ᠬᠠᠮᠢᠶ᠎ᠠ ᠪᠦᠬᠦᠢ ᠲᠥᠷᠥᠯ ᠵᠦᠢᠯ ᠪᠠ ᠪᠡᠯᠡ ᠮᠥᠩᠭᠦ ᠭᠤᠶᠤᠴᠢᠯᠠᠬᠤ ᠨᠥᠬᠦᠴᠡᠯ      ︵ᠨᠢᠭᠡ︶ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠭᠡᠭᠰᠡᠨ ᠨᠥᠬᠦᠪᠦᠷᠢ  ᠣᠯᠭᠤᠨ᠎ᠠ ︵4 ᠳ᠋ᠤᠭᠡᠷ ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄  ᠶᠡᠭᠡ ᠲᠡᠭᠡᠲᠦ ᠰᠤᠷᠭᠠᠭᠤᠯᠢ ᠠᠴᠠ ᠰᠢᠨ᠎ᠡ ᠲᠡᠭᠦᠰᠴᠦ ᠪᠠᠶᠢᠭ᠎ᠠ ᠵᠢᠴᠢ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠠᠵᠢᠯ ᠠᠯᠳᠠᠭᠰᠠᠨ ᠢᠶᠠᠷ ᠪᠦᠷᠢᠳᠬᠡᠭᠦᠯᠦᠭᠰᠡᠨ 16 — 24 ᠨᠠᠰᠤᠨ ᠤ ᠵᠠᠯᠠᠭᠤᠴᠤᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠡᠭᠦᠨ ᠳᠤ ᠠᠵᠢᠯ ᠠᠯᠳᠠᠭᠰᠠᠨ᠂ ᠠᠵᠢᠯ ᠠᠴᠠ ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ 1 ᠰᠠᠷ᠎ᠠ ᠠᠴᠠ ᠳᠡᠭᠡᠭᠰᠢ ᠲᠤᠰᠢᠶᠠᠭᠰᠠᠨ ᠠᠵᠤ ᠠᠬᠤᠶᠢᠯᠠᠯ ᠮᠥᠷᠲᠡᠭᠡᠨ ᠬᠢᠨᠠᠨ ᠬᠠᠷᠭᠤᠭᠤᠯᠬᠤ ᠦᠶ᠎ᠡ ᠳᠤ ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠭᠰᠠᠨ ᠨᠢ ᠬᠡᠪ ᠤᠨ ᠪᠠᠶᠢᠳᠠᠯ ᠳᠤ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠭᠰᠡᠨ ᠨᠥᠬᠦᠪᠦᠷᠢ ᠭᠥᠷᠳᠡᠵᠦ ᠪᠣᠯᠣᠨ᠎ᠠ ︵ᠨᠢᠭᠡᠨᠲᠡ ᠨᠢᠭᠡ ᠤᠳᠠᠭ᠎ᠠ ᠶᠢᠨ ᠴᠢᠨᠠᠷᠲᠠᠢ ᠬᠦᠮᠦᠨ ᠰᠢᠩᠭᠡᠭᠡᠵᠦ ᠠᠵᠢᠯ ᠣᠯᠭᠤᠭᠰᠠᠨ ᠨᠥᠬᠦᠪᠦᠷᠢ ᠶᠢ ᠭᠥᠷᠳᠡᠭᠰᠡᠨ ᠪᠠᠶᠢᠪᠠᠯ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠭᠰᠡᠨ ᠨᠥᠬᠦᠪᠦᠷᠢ ᠶᠢ ᠳᠠᠪᠬᠤᠷᠳᠠᠭᠤᠯᠤᠨ ᠭᠥᠷᠳᠡᠵᠦ ᠪᠣᠯᠬᠤ ᠦᠭᠡᠢ︶᠃ ᠠᠵᠤ ᠠᠬᠤᠶᠢᠯᠠᠯ ᠭᠤᠶᠤᠴᠢᠯᠠᠬᠤ ᠴᠢᠬᠤᠯᠠ ᠦᠭᠡᠢ᠂ ᠠᠵᠢᠯ ᠠᠯᠳᠠᠯᠲᠠ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠪᠠᠭᠤᠯᠭᠠᠭᠰᠠᠨ ᠲᠤᠭ᠎ᠠ ᠪᠠᠷᠢᠮᠲᠠ ᠶᠢ ᠦᠨᠳᠦᠰᠦᠯᠡᠨ ᠰᠢᠭᠤᠳ ᠬᠢᠨᠠᠨ ᠬᠠᠷᠭᠤᠭᠤᠯᠵᠤ᠂ ᠠᠵᠤ ᠠᠬᠤᠶᠢᠯᠠᠯ ᠳᠤ ᠮᠡᠳᠡᠭᠡ ᠵᠠᠩᠭᠢ ᠶᠠᠪᠤᠭᠤᠯᠬᠤ ᠶᠢᠨ ᠬᠠᠮᠲᠤ ᠲᠡᠭᠦᠨ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠪᠡᠯᠡ ᠮᠥᠩᠭᠦ ᠶᠢ ᠰᠢᠭᠤᠳ ᠠᠵᠤ ᠠᠬᠤᠶᠢᠯᠠᠯ ᠤᠨ ᠲᠠᠩᠰᠠᠨ ᠡᠷᠦᠬᠡ ᠳᠤ ᠲᠠᠷᠬᠠᠭᠠᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠦᠷᠢ ᠳᠤ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠭᠦᠨ᠎ᠡ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-5181308 ︵ᠬᠤᠲᠠ ᠶᠢᠨ ᠠᠵᠢᠯ ᠣᠯᠭᠤᠯᠲᠠ ᠶᠢᠨ ᠲᠥᠪ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠠᠯᠠᠭ᠎ᠠ︶      ︵ᠬᠤᠶᠠᠷ︶ ᠦᠢᠯᠡᠰ ᠴᠣᠭᠴᠠᠯᠠᠬᠤ ᠲᠠᠯᠠᠪᠤᠷ ᠤᠨ ᠲᠦᠷᠢᠶᠡᠰᠦᠨ ᠤ ᠨᠥᠬᠦᠪᠦᠷᠢ ︵6 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄ ᠬᠤᠲᠠ ᠶᠢᠨ ᠱᠠᠲᠤᠨ  ᠠᠴᠠ ᠳᠡᠭᠡᠭᠰᠢᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ᠂ ᠡᠪᠯᠡᠯ ᠤᠨ ᠬᠤᠲᠠ ᠶᠢᠨ ᠨᠠᠮ ᠤᠨ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ︵ᠫᠠᠶᠢᠰᠠ ᠡᠯᠭᠦᠭᠰᠡᠨ︶ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ ᠵᠠᠯᠠᠭᠤᠴᠤᠳ ᠤᠨ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠨᠡᠪᠴᠢᠭᠦᠯᠦᠭᠰᠡᠨ ᠦᠢᠯᠡᠰ ᠴᠣᠭᠴᠠᠯᠠᠬᠤ ᠲᠥᠷᠥᠯ ᠵᠦᠢᠯ ᠲᠠᠯᠠᠪᠤᠷ ᠤᠨ ᠲᠦᠷᠢᠶᠡᠰᠦᠨ ᠤ ᠨᠥᠬᠦᠪᠦᠷᠢ ᠭᠥᠷᠳᠡᠵᠦ ᠪᠣᠯᠣᠨ᠎ᠠ᠂ ᠲᠥᠷᠥᠯ ᠵᠦᠢᠯ ᠪᠠᠶᠢᠭᠤᠯᠤᠭᠠᠳ ᠭᠤᠷᠪᠠᠨ ᠵᠢᠯ ᠠᠴᠠ ᠬᠡᠲᠦᠷᠡᠭᠰᠡᠨ ᠪᠠᠶᠢᠪᠠᠯ ᠨᠥᠬᠦᠪᠦᠷᠢ ᠥᠭᠬᠦ ᠦᠭᠡᠢ᠃ ᠦᠢᠯᠡᠰ ᠴᠣᠭᠴᠠᠯᠠᠬᠤ ᠲᠥᠷᠥᠯ ᠵᠦᠢᠯ ᠨᠢᠭᠡᠪᠦᠷᠢ ᠳᠤ ᠵᠢᠯ ᠳᠤ ᠬᠠᠮᠤᠭ ᠤᠨ ᠥᠨᠳᠥᠷ ᠲᠡᠭᠡᠨ 5000 ᠲᠥᠭᠦᠷᠢᠭ ᠤᠨ ᠨᠥᠬᠦᠪᠦᠷᠢ ᠥᠭᠴᠦ᠂ ᠲᠠᠯᠠᠪᠤᠷ ᠤᠨ ᠲᠦᠷᠢᠶᠡᠰᠦ ᠨᠢ 5000 ᠲᠥᠭᠦᠷᠢᠭ ᠠᠴᠠ ᠳᠣᠷᠤᠭᠰᠢᠬᠢ ᠶᠢ ᠪᠣᠳᠠᠲᠠᠢ ᠶᠢ ᠦᠨᠳᠦᠰᠦᠯᠡᠨ ᠬᠠᠷᠭᠤᠭᠤᠯᠤᠨ ᠪᠣᠳᠤᠵᠤ ᠭᠦᠢᠴᠡᠳᠭᠡᠨ᠎ᠡ᠂ 5000 ᠲᠥᠭᠦᠷᠢᠭ ᠠᠴᠠ ᠬᠡᠲᠦᠷᠡᠭᠰᠡᠨ ᠪᠠᠶᠢᠪᠠᠯ 5000 ᠲᠥᠭᠦᠷᠢᠭ ᠤᠨ ᠪᠠᠷᠢᠮᠵᠢᠶ᠎ᠠ ᠪᠠᠷ ᠣᠯᠭᠤᠨ᠎ᠠ᠃ ᠬᠠᠮᠤᠭ ᠤᠨ ᠣᠷᠳᠣ ᠳᠠᠭᠠᠨ ᠭᠤᠷᠪᠠᠨ ᠵᠢᠯ ᠤᠨ ᠨᠥᠬᠦᠪᠦᠷᠢ ᠥᠭᠭᠦᠨ᠎ᠡ᠂ ᠦᠢᠯᠡᠰ ᠴᠣᠭᠴᠠᠯᠠᠬᠤ ᠪᠦᠯᠬᠦᠮ ᠨᠡᠶᠢᠲᠡ ᠶᠢᠨ ᠨᠥᠬᠦᠪᠦᠷᠢ ᠶᠢ 1 ᠵᠢᠯ ᠠᠴᠠ ᠬᠡᠲᠦᠷᠡᠭᠦᠯᠬᠦ ᠦᠭᠡᠢ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠂ ᠬᠢᠷᠢ ᠬᠡᠮ ᠢ ᠬᠢᠨᠠᠨ ᠬᠠᠷᠭᠤᠭᠤᠯᠵᠤ᠂ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-5181206 ︵ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ︶      ︵ᠭᠤᠷᠪᠠ︶ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ︵6 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄ ᠵᠠᠯᠠᠭᠤ ᠣᠶᠤᠲᠠᠳ ᠤᠨ ᠪᠠᠶᠢᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠤᠨ ᠲᠤᠬᠠᠢ ᠶᠢᠨ ᠵᠢᠯ ᠰᠢᠨ᠎ᠡ ᠪᠠᠷ ᠡᠯᠰᠡᠵᠦ ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠵᠢᠯᠲᠠᠨ ᠠᠵᠢᠯᠴᠢᠨ ︵ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︿ᠵᠡᠮᠳᠡᠭᠴᠦᠳ ᠢ ᠪᠠᠭᠲᠠᠭᠠᠨ᠎ᠠ﹀᠂ ᠴᠡᠷᠢᠭ ᠠᠴᠠ ᠬᠠᠯᠠᠭᠳᠠᠵᠤ ᠰᠢᠯᠵᠢᠭᠰᠡᠨ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠦᠯᠡᠭᠦᠦ ᠦᠢᠯᠡᠳᠪᠦᠷᠢᠯᠡᠬᠦ ᠴᠢᠳᠠᠪᠤᠷᠢ ᠶᠢ ᠢᠯᠭᠠᠷᠠᠭᠤᠯᠤᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠶᠠᠳᠠᠭᠤ  ᠠᠴᠠ ᠠᠩᠭᠢᠵᠢᠷᠠᠭᠰᠠᠨ ᠬᠥᠮᠥᠨ ᠠᠮᠠ︶ ᠤᠨ ᠲᠤᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 15% ᠳᠤ ᠬᠦᠷᠦᠭᠰᠡᠨ ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ 8% ᠳᠤ ᠬᠦᠷᠦᠨ᠎ᠡ︶᠃  ᠪᠦᠭᠡᠳ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯᠲᠠᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠦᠭᠡᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠥᠷᠢᠲᠦᠵᠦ ᠲᠤᠰᠢᠶᠠᠭᠰᠠᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠢᠲᠡᠭᠡᠮᠵᠢ ᠶᠢᠨ ᠲᠡᠮᠳᠡᠭᠯᠡᠯ ᠦᠭᠡᠢ ᠪᠠᠶᠢᠪᠠᠯ᠂ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠳᠡᠮᠵᠢᠯᠭᠡ ᠣᠯᠭᠤᠨ᠎ᠠ᠃ ᠵᠠᠯᠠᠭᠤ ᠣᠶᠤᠲᠠᠳ ᠤᠨ ᠡᠭᠦᠳᠦᠨ ᠡᠷᠭᠢᠯᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠬᠡᠲᠦ ᠶᠢᠨ ᠲᠥᠯᠥᠪ ᠨᠢ ᠰᠠᠶᠢᠨ᠂ ᠳᠠᠶᠢᠴᠢᠯᠠᠵᠤ ᠠᠵᠢᠯ  ᠣᠯᠭᠤᠭᠰᠠᠨ ᠬᠥᠮᠥᠨ ᠤ ᠲᠤᠭ᠎ᠠ ᠨᠢ ᠨᠡᠯᠢᠶᠡᠳ ᠣᠯᠠᠨ ᠪᠠᠶᠢᠪᠠᠯ᠂ ᠮᠠᠭᠠᠳᠯᠠᠨ ᠲᠣᠭᠲᠠᠭᠠᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 2 ᠵᠢᠯ ᠠᠴᠠ  ᠬᠡᠲᠦᠷᠡᠭᠦᠯᠬᠦ ᠦᠭᠡᠢ᠃ ᠭᠤᠶᠤᠴᠢᠯᠠᠭᠴᠢ ᠠᠴᠠ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠭᠤᠶᠤᠴᠢᠯᠠᠯ ᠭᠠᠷᠭᠠᠵᠤ᠂ ᠭᠠᠷᠲᠠᠨ ᠭᠦᠢᠴᠡᠳᠬᠡᠬᠦ ᠪᠠᠩᠬᠢ ᠬᠢᠭᠡᠳ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠠᠷᠢᠭᠤᠴᠠᠨ ᠬᠢᠨᠠᠨ ᠬᠠᠷᠭᠤᠭᠤᠯᠵᠤ᠂ ᠭᠠᠷᠲᠠᠨ ᠭᠦᠢᠴᠡᠳᠬᠡᠬᠦ ᠪᠠᠩᠬᠢ ᠠᠴᠠ ᠲᠣᠭᠲᠠᠭᠠᠯ ᠶᠣᠰᠣᠭᠠᠷ ᠨᠥᠬᠦᠪᠦᠷᠢ ᠶᠢᠨ ᠪᠡᠯᠡ ᠮᠥᠩᠭᠦ ᠣᠯᠭᠤᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6241551 ︵ᠬᠤᠲᠠ ᠶᠢᠨ ᠠᠵᠢᠯ ᠣᠯᠭᠤᠯᠲᠠ ᠶᠢᠨ ᠲᠥᠪ ᠤᠨ ᠦᠢᠯᠡᠰ ᠴᠣᠭᠴᠠᠯᠠᠬᠤ ᠦᠢᠯᠡᠴᠢᠯᠡᠭᠡᠨ ᠤ ᠰᠠᠯᠠᠭ᠎ᠠ︶      ︵ᠳᠥᠷᠪᠡ︶ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠭᠤᠶᠤᠴᠢᠯᠠᠬᠤ ︵7 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄ ᠭᠤᠶᠤᠴᠢᠯᠠᠭᠴᠢ ᠪᠦᠬᠦᠯᠢ 18 ᠨᠠᠰᠤ ᠬᠦᠷᠴᠦ᠂ ᠲᠣᠰ ᠬᠤᠲᠠ ᠳᠤ ᠭᠡᠷ ᠦᠭᠡᠢ᠂ ᠭᠡᠷ ᠪᠦᠯᠢ ᠶᠢᠨ ᠬᠥᠮᠥᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢᠨ 7 ᠳᠠᠬᠢᠨ ᠠᠴᠠ ᠳᠣᠷᠣᠭᠰᠢ ᠪᠠᠶᠢᠬᠤ᠂ ᠬᠡᠷᠪᠡ ᠬᠥᠬᠡᠬᠤᠲᠠ ᠳᠤ ᠢᠷᠡᠵᠦ ᠠᠵᠢᠯᠯᠠᠵᠤ ᠪᠠᠶᠢᠭ᠎ᠠ ᠠᠵᠢᠯᠲᠠᠨ ᠪᠣᠯ᠂ ᠲᠣᠰ ᠬᠤᠲᠠ ᠳᠤ ᠦᠷᠭᠦᠯᠵᠢᠯᠡᠨ ᠬᠤᠶᠠᠷ ᠵᠢᠯ ᠠᠴᠠ ᠳᠡᠭᠡᠭᠰᠢ ᠨᠡᠶᠢᠭᠡᠮ ᠤᠨ ᠳᠠᠭᠠᠳᠬᠠᠯ ᠲᠤᠰᠢᠶᠠᠬᠤ ᠬᠡᠷᠡᠭᠲᠡᠢ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠡᠷᠦᠬᠡ ᠠᠮᠠ ᠶᠢᠨ ᠲᠠᠩᠰᠠ ᠪᠠᠶᠢᠭ᠎ᠠ ︵ᠪᠤᠶᠤ ᠣᠷᠣᠰᠢᠨ ᠰᠠᠭᠤᠵᠤ ᠪᠠᠶᠢᠭ᠎ᠠ︶ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠬᠦᠷᠴᠦ  ᠭᠤᠶᠤᠴᠢᠯᠠᠨ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ   ᠪᠠᠲᠤᠯᠠᠨ ᠵᠦᠪᠰᠢᠶᠡᠷᠡᠭᠰᠡᠨ ᠤ ᠳᠠᠷᠠᠭ᠎ᠠ ᠨᠣᠮᠧᠷ ᠰᠤᠭᠤᠯᠵᠤ ᠲᠦᠷᠢᠶᠡᠰᠦᠯᠡᠬᠦ ᠳᠤ ᠣᠷᠣᠯᠴᠠᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6272720 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ  ︶      ︵ᠲᠠᠪᠤ︶ ᠣᠷᠳᠣ ᠬᠤᠭᠤᠴᠠᠭᠠᠨ ᠤ ᠳᠦᠷᠢᠶᠡᠰᠦᠨ ᠤ ᠨᠥᠬᠦᠪᠦᠷᠢ ︵8 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠨ ᠠᠪᠬᠤ ᠨᠥᠬᠦᠴᠡᠯ᠄ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠨᠥᠬᠦᠴᠡᠯ ᠳᠤ ᠨᠡᠶᠢᠴᠡᠬᠦ ᠪᠣᠯᠪᠠᠴᠤ ᠭᠡᠷ ᠲᠦᠷᠢᠶᠡᠰᠦᠯᠡᠵᠦ ᠣᠯᠤᠭ᠎ᠠ ᠦᠭᠡᠢ ᠭᠡᠷ ᠪᠦᠯᠢ ᠳᠤ ᠣᠷᠳᠣ ᠬᠤᠭᠤᠴᠠᠭᠠᠨ ᠤ ᠲᠦᠷᠢᠶᠡᠰᠦᠨ ᠤ ᠨᠥᠬᠦᠪᠦᠷᠢ ᠣᠯᠭᠤᠬᠤ ᠪᠠᠷ ᠳᠠᠮᠵᠢᠭᠤᠯᠤᠨ  ᠪᠠᠲᠤᠯᠠᠭ᠎ᠠ ᠬᠠᠩᠭᠠᠨ᠎ᠠ᠃ ᠨᠥᠬᠦᠪᠦᠷᠢ ᠶᠢᠨ ᠪᠠᠷᠢᠮᠵᠢᠶ᠎ᠠ  ᠨᠢ ᠬᠥᠮᠥᠨ ᠪᠦᠷᠢ ᠳᠤ ᠵᠢᠯ ᠳᠤ 2880 ᠲᠥᠭᠦᠷᠢᠭ ᠥᠭᠭᠦᠨ᠎ᠡ᠃ ᠭᠤᠶᠤᠴᠢᠯᠠᠭᠴᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠵᠦ ᠣᠯᠣᠭᠰᠠᠨ ᠤ ᠲᠠᠷᠠᠭ᠎ᠠ  ᠲᠦᠷᠢᠶᠡᠰᠦᠨ ᠤ ᠨᠥᠬᠦᠪᠦᠷᠢ ᠣᠯᠭᠤᠬᠤ ᠪᠠᠨ ᠳᠠᠷᠤᠢ ᠵᠣᠭᠰᠣᠭᠠᠨ᠎ᠠ᠃ ᠭᠤᠶᠤᠴᠢᠯᠠᠭᠴᠢ ᠨᠣᠮᠧᠷ ᠰᠤᠭᠤᠯᠵᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠣᠯᠬᠤ ᠳᠤᠮᠳᠠ ᠳ᠋ᠤᠭᠠᠷ ᠣᠯᠣᠭᠰᠠᠨ ᠤ ᠳᠠᠷᠠᠭ᠎ᠠ ᠨᠡᠶᠢᠲᠡ  ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠪᠠᠨ ᠪᠣᠯᠢᠭᠰᠠᠨ ᠪᠠᠶᠢᠪᠠᠯ᠂ ᠲᠦᠷᠢᠶᠡᠰᠦᠨ  ᠤ ᠨᠥᠬᠦᠪᠦᠷᠢ ᠣᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6272720 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ  ︶      ︵ᠵᠢᠷᠭᠤᠭ᠎ᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ︵8 ᠳ᠋ᠤᠭᠠᠷ  ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄ ᠭᠤᠶᠤᠴᠢᠯᠠᠭᠴᠢ ᠪᠦᠬᠦᠯᠢ 18 ᠨᠠᠰᠤ ᠬᠦᠷᠴᠦ᠂ ᠲᠣᠰ ᠬᠤᠲᠠ ᠳᠤ ᠠᠵᠢᠯ ᠣᠯᠣᠭᠰᠠᠨ ᠪᠤᠶᠤ ᠦᠢᠯᠡᠰ ᠴᠣᠭᠴᠠᠯᠠᠵᠤ᠂ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠲᠣᠰ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠮᠥᠷᠲᠡᠭᠡᠨ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠢ ᠭᠡᠷ ᠬᠥᠷᠥᠩᠭᠡ ᠶᠢ ᠬᠤᠳᠠᠯᠳᠤᠨ ᠠᠪᠤᠭᠰᠠᠨ ᠦᠭᠡᠢ ᠪᠠᠶᠢᠬᠤ᠃ ᠨᠥᠬᠦᠴᠡᠯ ᠳᠤ ᠨᠡᠶᠢᠴᠡᠬᠦ ᠬᠥᠮᠥᠰ ︽ᠬᠥᠬᠡᠬᠤᠲᠠ ᠶᠢᠨ ᠣᠷᠣᠨ ᠰᠠᠭᠤᠴᠠ ᠳᠦᠷᠢᠶᠡᠰᠦᠯᠡᠬᠦ︾ APP ᠪᠠᠷ ᠰᠦᠯᠵᠢᠶᠡᠨ ᠳᠡᠭᠡᠷ᠎ᠡ ᠭᠤᠶᠤᠴᠢᠯᠠᠯ ᠭᠠᠷᠭᠠᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-3593970 ︵ᠬᠥᠬᠡᠬᠤᠲᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠲᠥᠪ︶      ︵ᠳᠣᠯᠤᠭ᠎ᠠ︶ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢᠨ ᠨᠥᠬᠦᠪᠦᠷᠢ ︵9 ᠳ᠋ᠤᠭᠡᠷ ᠠᠷᠭ᠎ᠠ ᠬᠡᠮᠵᠢᠶ᠎ᠡ︶᠃      ᠭᠤᠶᠤᠴᠢᠯᠠᠨ ᠠᠪᠬᠤ ᠨᠥᠬᠦᠴᠡᠯ᠄ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠨᠢᠭᠡᠨᠲᠡ ᠣᠯᠣᠭᠰᠠᠨ ᠪᠤᠶᠤ ᠥᠯᠥ ᠬᠥᠳᠡᠯᠬᠦ ᠬᠥᠷᠥᠩᠭᠡ ᠪᠠᠷ ᠠᠩᠬ᠎ᠠ ᠤᠳᠠᠭ᠎ᠠ ᠳᠠᠩᠰᠠᠯᠠᠬᠤ ᠶᠢ ᠨᠢᠭᠡᠨᠲᠡ ᠪᠡᠶᠡᠯᠡᠭᠦᠯᠦᠭᠰᠡᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ︵ᠨᠡᠶᠢᠲᠡ ᠶᠢᠨ ᠪᠠᠶᠢᠷᠢ᠂ ᠬᠤᠳᠠᠯᠳᠤᠭ᠎ᠠ᠂ ᠠᠯᠪᠠᠨ ᠬᠡᠷᠡᠭᠯᠡᠭᠡᠨ ᠤ ᠭᠡᠷ ᠵᠢᠴᠢ ᠭᠠᠷ ᠳᠠᠮᠵᠢᠭᠰᠠᠨ ᠭᠡᠷ ᠪᠠᠶᠢᠰᠢᠩ ᠪᠠᠭᠲᠠᠬᠤ ᠦᠭᠡᠢ︶ ᠶᠢ ᠠᠩᠬ᠎ᠠ ᠤᠳᠠᠭ᠎ᠠ ᠬᠤᠳᠠᠯᠳᠤᠨ ᠠᠪᠤᠭᠰᠠᠨ ᠭᠡᠷ ᠪᠠᠶᠢᠰᠢᠩ ᠬᠤᠳᠠᠯᠳᠤᠨ ᠠᠪᠤᠭᠴᠢ᠃ ᠣᠳᠣᠬᠠᠨ ᠳᠤ᠂ ᠭᠡᠷ᠎ᠡ ᠶᠢᠨ ᠭᠠᠶᠢᠯᠢ ᠶᠢᠨ ᠨᠥᠬᠦᠪᠦᠷᠢ ᠶᠢᠨ ᠪᠣᠳᠠᠲᠠᠢ ᠴᠣᠪᠤᠷᠠᠯ ᠪᠠ ᠬᠡᠷᠡᠭᠵᠢᠭᠦᠯᠬᠦ ᠨᠠᠷᠢᠨ ᠳᠦᠷᠢᠮ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠢ᠂ ᠣᠶᠢᠷ᠎ᠠ ᠶᠢᠨ ᠬᠤᠭᠤᠴᠠᠭᠠᠨ ᠳᠤ ᠨᠡᠶᠢᠭᠡᠮ ᠨᠡᠶᠢᠲᠡ ᠳᠤ  ᠨᠡᠶᠢᠲᠡᠯᠡᠨ᠎ᠡ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6325024 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠰᠠᠯᠠᠭ᠎ᠠ︶      ︵ᠨᠠᠢᠮᠠ︶ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ︶  ᠤᠨ ᠰᠤᠷᠭᠠᠭᠤᠯᠢ  ᠠᠴᠠ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ︵10 ᠳ᠋ᠤᠭᠠᠷ  ᠠᠷᠭ᠎ᠠ ᠬᠡᠮᠵᠢᠶ᠎ᠡ︶᠃      ᠭᠤᠶᠤᠴᠢᠯᠠᠨ ᠠᠪᠬᠤ ᠨᠥᠬᠦᠴᠡᠯ᠄      1. ᠭᠡᠷ ᠲᠦᠷᠢᠶᠡᠰᠦᠯᠡᠬᠦ ᠨᠥᠬᠦᠪᠦᠷᠢ᠄ ᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢᠨ ᠬᠠᠮᠲᠤ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠲᠡ 3 ᠰᠠᠷ᠎ᠠ ᠵᠢᠴᠢ ᠲᠡᠭᠦᠨ ᠠᠴᠠ ᠳᠡᠭᠡᠭᠰᠢ ᠬᠤᠭᠤᠴᠠᠭ᠎ᠠ ᠲᠤᠰᠢᠶᠠᠭᠰᠠᠨ ᠲᠡᠭᠦᠰᠦᠭᠡᠳ 2 ᠵᠢᠯ  ᠪᠣᠯᠤᠭ᠎ᠠ ᠦᠭᠡᠢ  ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠤᠶᠤᠲᠠᠳ 18 ᠵᠣᠷᠪᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠵᠢᠴᠢ ᠲᠡᠭᠦᠨ ᠠᠴᠠ ᠰᠡᠭᠦᠯᠡᠷ ᠥᠪᠡᠷ ᠢᠶᠠᠨ ᠭᠡᠷ ᠲᠦᠷᠢᠶᠡᠰᠦᠯᠡᠭᠰᠡᠨ ᠪᠠᠶᠢᠪᠠᠯ᠂ ᠭᠡᠷ ᠲᠦᠷᠢᠶᠡᠰᠦᠯᠡᠭᠰᠡᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠂ ᠨᠥᠬᠦᠪᠦᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ 300 ᠲᠥᠭᠦᠷᠢᠭ᠂ ᠨᠥᠬᠦᠪᠦᠷᠢ ᠥᠭᠬᠦ ᠬᠤᠭᠤᠴᠠᠭ᠎ᠠ ᠨᠢ ᠨᠡᠶᠢᠯᠡᠭᠡᠳ 24 ᠰᠠᠷ᠎ᠠ ᠠᠴᠠ ᠬᠡᠲᠦᠷᠡᠬᠦ ᠦᠭᠡᠢ᠃      2.  ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ᠄ ᠬᠤᠲᠠ ᠶᠢᠨ ᠬᠡᠪᠴᠢᠶᠡᠨ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠣᠭᠰᠠᠨ ᠪᠤᠶᠤ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢᠨ ᠬᠠᠮᠲᠤ ᠬᠠᠤᠯᠢ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠨᠡᠶᠢᠲᠡ 12 ᠰᠠᠷ᠎ᠠ ᠵᠢᠴᠢ ᠲᠡᠭᠦᠨ ᠠᠴᠠ ᠳᠡᠭᠡᠭᠰᠢ ᠬᠤᠭᠤᠴᠠᠭ᠎ᠠ ᠲᠤᠰᠢᠶᠠᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ︶ ᠤᠨ ᠰᠤᠷᠤᠯᠭ᠎ᠠ ᠶᠢᠨ ᠨᠠᠮᠲᠠᠷ ᠲᠠᠢ ᠤᠶᠤᠲᠠᠨ  ᠲᠡᠭᠦᠰᠦᠭᠰᠡᠨ ᠤ ᠳᠠᠷᠠᠭᠠᠬᠢ 5 ᠵᠢᠯ ᠤᠨ ᠳᠣᠲᠤᠷ᠎ᠠ ᠠᠩᠬ᠎ᠠ ᠤᠳᠠᠭ᠎ᠠ ᠬᠤᠲᠠ ᠶᠢᠨ ᠬᠡᠪᠴᠢᠶᠡᠨ ᠳᠤ ᠭᠡᠷ ᠪᠠᠶᠢᠰᠢᠩ ᠬᠤᠳᠠᠯᠳᠤᠨ ᠠᠪᠤᠭᠰᠠᠨ ᠪᠥᠭᠡᠳ ᠭᠡᠷ ᠪᠠᠶᠢᠰᠢᠩ ᠬᠤᠳᠠᠯᠳᠤᠨ ᠠᠪᠤᠭᠰᠠᠨ ᠴᠠᠭ ᠨᠢ 18 ᠵᠣᠷᠪᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠵᠢᠴᠢ ᠲᠡᠭᠦᠨ ᠠᠴᠠ ᠰᠡᠭᠦᠯᠡᠷ ᠪᠠᠶᠢᠪᠠᠯ᠂ ᠭᠡᠷ ᠪᠠᠶᠢᠰᠢᠩ ᠬᠤᠳᠠᠯᠳᠤᠨ ᠠᠪᠤᠭᠰᠠᠨ ᠨᠥᠬᠦᠪᠦᠷᠢ ᠠᠪᠬᠤ ᠪᠠᠷ ᠭᠤᠶᠤᠴᠢᠯᠠᠵᠤ ᠪᠣᠯᠣᠨ᠎ᠠ᠂ ᠨᠥᠬᠦᠪᠦᠷᠢ ᠶᠢᠨ ᠪᠠᠷᠢᠮᠵᠢᠶ᠎ᠠ ᠨᠢ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ 2 ᠲᠦᠮᠡᠨ ᠲᠥᠭᠦᠷᠢᠭ ᠪᠣᠯᠣᠨ᠎ᠠ᠃      ᠭᠤᠣᠯᠲᠤ ᠪᠣᠷᠣ APP ᠪᠠᠷ ᠳᠠᠮᠵᠢᠭᠤᠯᠤᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠨ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠬᠢᠨᠠᠨ ᠬᠠᠷᠭᠤᠭᠤᠯᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠮᠦᠩᠭᠦ ᠶᠢ ᠨᠢ ᠣᠯᠭᠤᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-3960312 ︵ᠬᠤᠲᠠ ᠶᠢᠨ ᠬᠦᠮᠦᠨ ᠤ ᠶᠠᠪᠤᠳᠠᠯ ᠤᠨ ᠰᠢᠯᠭᠠᠯᠲᠠ ᠶᠢᠨ ᠲᠥᠪ ᠤᠨ ᠴᠢᠳᠠᠪᠤᠷᠢᠲᠠᠨ ᠤ ᠬᠤᠶᠠᠳᠤᠭᠠᠷ ᠰᠠᠯᠠᠭ᠎ᠠ︶᠂ 0471-6328283 ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ︶      ︵ᠶᠢᠰᠦ︶ ᠬᠥᠬᠡᠬᠤᠲᠠ ᠳᠤ ᠢᠷᠡᠭᠰᠡᠨ ᠠᠵᠢᠯᠲᠠᠨ ᠤ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ︵12 ᠳ᠋ᠤᠭᠠᠷ  ᠠᠷᠭ᠎ᠠ ᠬᠡᠮᠵᠢᠶ᠎ᠡ ︶᠃      ᠭᠤᠶᠤᠴᠢᠯᠠᠬᠤ ᠨᠥᠬᠦᠴᠡᠯ᠄      1.   ᠮᠠᠨ ᠤ ᠬᠤᠲᠠ ᠳᠤ ᠢᠷᠡᠵᠦ ᠠᠵᠢᠯᠯᠠᠵᠤ᠂  ᠣᠷᠤᠰᠢᠨ ᠰᠠᠭᠤᠵᠤ ᠪᠠᠶᠢᠭ᠎ᠠ ᠪᠣᠯ ᠳᠠᠭᠠᠵᠤ ᠨᠡᠭᠦᠭᠰᠡᠨ ᠦᠷ᠎ᠡ ᠬᠡᠦᠬᠡᠳ ᠨᠢ ᠰᠤᠷᠭᠠᠭᠤᠯᠢ ᠰᠢᠯᠵᠢᠬᠦ ᠳᠤ ᠣᠷᠣᠰᠢᠨ ᠰᠠᠭᠤᠭ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ᠂ ᠠᠵᠢᠯ ᠤᠨ ᠭᠡᠷᠡᠴᠢ ᠵᠡᠷᠭᠡ ᠪᠠᠷᠢᠮᠲᠠ ᠪᠠᠨ ᠬᠠᠩᠭᠠᠪᠠᠯ ᠳᠠᠷᠤᠢ ᠰᠤᠷᠭᠠᠭᠤᠯᠢ ᠳᠤ ᠣᠷᠣᠬᠤ ᠪᠠᠷ ᠭᠤᠶᠤᠴᠢᠯᠠᠵᠤ ᠪᠣᠯᠣᠨ᠎ᠠ᠃      2. ᠺᠣᠮᠫᠢᠦ᠋ᠲ᠋ᠧᠷ ᠢᠶᠠᠷ ᠲᠣᠬᠢᠶᠠᠯᠳᠤᠯ ᠢᠶᠠᠷ ᠡᠯᠰᠡᠬᠦ ᠪᠤᠶᠤ ᠠᠯᠪᠠᠨ  ᠠᠴᠠ ᠡᠷᠭᠢᠯᠡᠭᠰᠡᠨ ᠪᠤᠶᠤ ᠠᠷᠠᠳ  ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠤᠭᠤᠯᠬᠤ ᠪᠠᠷ ᠨᠢᠭᠡᠳᠦᠯᠲᠡᠢ ᠲᠣᠬᠢᠷᠠᠭᠤᠯᠤᠭᠰᠠᠨ ᠳᠠᠭᠠᠵᠤ ᠨᠡᠭᠦᠭᠰᠡᠨ ᠦᠷ᠎ᠡ ᠬᠡᠦᠬᠡᠳ ᠡᠯᠰᠡᠭᠳᠡᠭᠰᠡᠨ ᠰᠤᠷᠭᠠᠭᠤᠯᠢ ᠳᠤ ᠪᠠᠨ  ᠵᠠᠯᠭᠠᠪᠡᠷ ᠭᠤᠷᠪᠠᠨ ᠵᠢᠯ ᠰᠤᠷᠤᠯᠴᠠᠭᠰᠠᠨ ᠪᠠᠶᠢᠪᠠᠯ᠂ ᠭᠤᠷᠪᠠᠨ ᠵᠢᠯ ᠤᠨ ᠳᠠᠷᠠᠭ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠦᠶ᠎ᠡ ᠳᠤ᠂ ᠰᠤᠷᠭᠠᠭᠤᠯᠢ ᠪᠠ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠰᠣᠷᠣᠭᠴᠢ ᠲᠠᠢ ᠠᠳᠠᠯᠢ ᠪᠠᠷ ︽ᠰᠠᠯᠭᠠᠨ ᠡᠯᠰᠡᠬᠦ︾ ᠬᠢᠷᠢ ᠬᠡᠮ ᠢ ᠡᠳ᠋ᠯᠡᠵᠦ ᠪᠣᠯᠣᠨ᠎ᠠ᠃      3. ᠮᠠᠨ ᠤ ᠬᠤᠲᠠ ᠶᠢᠨ ᠲᠤᠬᠠᠢ ᠶᠢᠨ ᠵᠢᠯ  ᠵᠠᠪᠠᠯ ᠣᠷᠣᠭᠤᠯᠵᠤ ᠠᠪᠴᠢᠷᠠᠭᠰᠠᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ ᠰᠤᠷᠭᠠᠭᠤᠯᠢ ᠳᠤ ᠣᠷᠣᠬᠤ ᠳᠤ᠂ ᠬᠠᠷᠢᠶ᠎ᠠ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠢᠭᠡ ᠤᠳᠠᠭ᠎ᠠ ᠶᠢᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢ ᠰᠣᠩᠭᠤᠬᠤ ᠵᠠᠪᠰᠢᠶᠠᠨ ᠲᠠᠢ᠃ ᠣᠨᠴᠠᠭᠠᠢ ᠳᠤᠲᠠᠭᠳᠠᠵᠤ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ︽ᠨᠢᠭᠡ ᠤᠴᠢᠷ ᠢ ᠨᠢᠭᠡ ᠵᠥᠪᠯᠡᠬᠦ ︾ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃      4. ᠪᠤᠰᠤᠳ ᠳᠠᠭᠠᠵᠤ ᠨᠡᠭᠦᠭᠰᠡᠨ ᠦᠷ᠎ᠡ ᠬᠡᠦᠬᠡᠳ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠰᠤᠷᠤᠭᠴᠢᠳ ᠲᠤ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ  ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606405 ︵ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ︶      ︵ᠠᠷᠪᠠ︶ ᠬᠤᠶᠠᠷ ᠬᠡᠦᠬᠡᠳ᠂ ᠭᠤᠷᠪᠠᠨ ᠬᠡᠦᠬᠡᠳ ᠠᠪᠬᠤ ᠨᠢᠭᠡ ᠤᠳᠠᠭ᠎ᠠ ᠶᠢᠨ ᠴᠢᠨᠠᠷᠲᠠᠢ ᠭᠡᠷ ᠪᠦᠯᠢ ᠶᠢᠨ ᠬᠡᠦᠬᠡᠳ ᠪᠣᠶᠢᠵᠢᠭᠤᠯᠬᠤ ᠨᠡᠮᠡᠭᠦᠷᠢ ᠮᠥᠩᠭᠦ ︵15 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠨ ᠠᠪᠬᠤ ᠨᠥᠬᠦᠴᠡᠯ᠄ ᠡᠷ᠎ᠡ ᠡᠮ᠎ᠡ ᠬᠤᠶᠠᠷ ᠡᠲᠡᠭᠡᠳ ᠪᠤᠶᠤ ᠨᠢᠭᠡ ᠡᠲᠡᠭᠡᠳ ᠤᠨ ᠡᠷᠦᠬᠡ ᠠᠮᠠ ᠶᠢᠨ ᠲᠠᠩᠰᠠ ᠨᠢ ᠬᠥᠬᠡᠬᠤᠲᠠ ᠳᠤ ᠪᠠᠶᠢᠪᠠᠯ᠂ ᠬᠡᠦᠬᠡᠳ ᠤᠨ ᠡᠷᠦᠬᠡ ᠠᠮᠠ ᠶᠢᠨ ᠲᠠᠩᠰᠠ ᠨᠢ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠪᠣᠯᠣᠨ᠎ᠠ᠂ ︽ᠨᠢᠭᠡ ᠬᠤᠣᠰ ᠡᠷ᠎ᠡ ᠡᠮ᠎ᠡ︾ ᠤᠨ ᠬᠡᠦᠬᠡᠳ ᠠᠪᠤᠭᠰᠠᠨ ᠲᠤᠭ᠎ᠠ ᠪᠠᠷ ᠪᠤᠳᠤᠵᠤ᠂ ᠢᠬᠡᠷ᠎ᠡ ᠬᠡᠦᠬᠡᠳ ᠲᠠᠢ ᠭᠡᠷ ᠪᠦᠯᠢ ᠶᠢ ᠬᠤᠶᠠᠷ ᠬᠡᠦᠬᠡᠳ ᠠᠪᠤᠭᠰᠠᠨ ᠢᠶᠠᠷ ᠪᠤᠳᠤᠨ᠎ᠠ᠃ ᠨᠥᠬᠦᠴᠡᠯ ᠳᠤ ᠨᠡᠶᠢᠴᠡᠬᠦ ᠡᠲᠡᠭᠡᠳ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠪᠣᠶᠢᠵᠢᠭᠤᠯᠬᠤ  ᠨᠡᠮᠡᠭᠦᠷᠢ ᠮᠦᠩᠭᠦ ᠠᠪᠬᠤ ᠪᠠᠷ ᠭᠤᠶᠤᠴᠢᠯᠠᠬᠤ ᠳᠤ᠂ ᠲᠣᠰ ᠬᠥᠮᠥᠨ ᠨᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠷ᠎ᠡ ᠡᠮ᠎ᠡ ᠬᠤᠶᠠᠭᠤᠯᠠ ᠶᠢᠨ ᠣᠷᠤᠭ ᠤᠨ ᠦᠨᠡᠮᠯᠡᠯ᠂ ᠬᠤᠶᠠᠳᠠᠭᠢ ᠬᠡᠦᠬᠡᠳ ᠪᠠ ᠭᠤᠷᠪᠠᠳᠠᠭᠢ ᠬᠡᠦᠬᠡᠳ ᠲᠦᠷᠦᠭᠰᠡᠨ ᠠᠨᠠᠭᠠᠬᠤ ᠤᠬᠠᠭᠠᠨ ᠤ ᠭᠡᠷᠡᠴᠢ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠠᠪᠴᠤ᠂ ᠡᠷᠦᠬᠡ ᠠᠮᠠ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠳᠤ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠣᠯᠭᠤᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠨᠢᠭᠡ ᠤᠳᠠᠭ᠎ᠠ ᠶᠢᠨ ᠴᠢᠨᠠᠷᠲᠠᠢ 5000 ᠲᠥᠭᠦᠷᠢᠭ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606663 ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠥᠨ ᠠᠮᠠ ᠭᠡᠷ ᠪᠦᠯᠢ ᠶᠢᠨ ᠰᠠᠯᠠᠭ᠎ᠠ︶      ︵ᠠᠷᠪᠠᠨ ᠨᠢᠭᠡ︶ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠠᠰᠠᠷᠠᠨ ᠬᠠᠷᠠᠭᠠᠯᠵᠠᠬᠤ ᠨᠥᠬᠦᠪᠦᠷᠢ ︵15 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠨ ᠠᠪᠬᠤ ᠨᠥᠬᠦᠴᠡᠯ᠄ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ  ᠰᠠᠭᠠᠲᠠᠭᠤᠯᠬᠤ ᠪᠠᠷ ᠠᠪᠤᠭᠰᠠᠨ ᠬᠡᠦᠬᠡᠳ ᠨᠢ ᠪᠦᠬᠦᠯᠢ 3 ᠨᠠᠰᠤ ᠬᠦᠷᠦᠭᠡᠳᠦᠢ ᠪᠠᠶᠢᠪᠠᠯ ᠠᠰᠠᠷᠠᠨ ᠬᠠᠷᠠᠭᠠᠯᠵᠠᠬᠤ ᠨᠥᠬᠦᠪᠦᠷᠢ ᠭᠥᠷᠳᠡᠵᠦ ᠪᠣᠯᠣᠨ᠎ᠠ᠃ ᠬᠡᠦᠬᠡᠳ ᠰᠠᠭᠠᠲᠠᠭᠤᠯᠬᠤ ᠪᠠᠶᠢᠭᠤᠯᠤᠮᠵᠢ   ᠰᠠᠭᠠᠲᠠᠭᠤᠯᠬᠤ ᠪᠠᠷ ᠠᠪᠤᠭᠰᠠᠨ ᠬᠡᠦᠬᠡᠳ ᠤᠨ ᠨᠡᠷᠡᠰ ᠢ ᠠᠪᠴᠤ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠭᠤᠶᠤᠴᠢᠯᠠᠯ ᠭᠠᠷᠭᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠣᠯᠭᠤᠨ᠎ᠠ᠃ ᠨᠥᠬᠦᠪᠦᠷᠢ ᠶᠢᠨ ᠪᠠᠷᠢᠮᠵᠢᠶ᠎ᠠ ᠨᠢ ᠭᠡᠦᠭᠡᠳ ᠪᠦᠷᠢ ᠶᠢᠨ ᠵᠢᠯ ᠳᠤ 600 ᠲᠥᠭᠦᠷᠢᠭ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-4606663 ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠥᠨ ᠠᠮᠠ ᠭᠡᠷ ᠪᠦᠯᠢ ᠶᠢᠨ ᠰᠠᠯᠠᠭ᠎ᠠ︶      ︵ᠠᠷᠪᠠᠨ ᠬᠤᠶᠠᠷ︶ ︽ᠨᠥᠬᠦᠴᠡᠯ ᠦᠭᠡᠢ ᠪᠠᠷ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ︵18 ᠳ᠋ᠤᠭᠠᠷ ᠠᠷᠭ᠎ᠠ ᠬᠡᠮᠵᠢᠶ᠎ᠡ︶᠃      ᠭᠤᠶᠤᠴᠢᠯᠠᠬᠤ ᠨᠥᠬᠦᠴᠡᠯ᠄      1. ᠬᠦᠬᠡᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠲᠠᠢ ︵ᠲᠦᠷᠢᠶᠡᠰᠦᠯᠡᠬᠦ ᠶᠢ ᠪᠠᠭᠲᠠᠭᠠᠨ᠎ᠠ︶  ᠪᠣᠯ ᠭᠡᠷ ᠪᠦᠯᠢ ᠶᠢᠨ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠂ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠦᠭᠡᠢ ᠪᠣᠯ ᠬᠠᠮᠲᠤ ᠶᠢᠨ ᠡᠷᠦᠬᠡ ᠳᠤ ᠣᠷᠣᠬᠤ ᠪᠠᠷ ᠭᠤᠶᠤᠴᠢᠯᠠᠵᠤ ᠪᠣᠯᠣᠨ᠎ᠠ᠃      2. ᠰᠢᠭᠤᠳ ᠴᠢᠰᠤᠨ ᠲᠦᠷᠦᠯ ᠤᠨ ᠬᠠᠷᠢᠴᠠᠭ᠎ᠠ ᠲᠠᠢ ᠰᠠᠳᠤᠨ ᠲᠦᠷᠦᠯ ᠢᠶᠠᠨ ᠲᠦᠰᠢᠵᠦ ᠡᠷᠦᠭᠡ ᠠᠮᠠ ᠣᠷᠤᠬᠤ ᠳᠤ᠂  ᠰᠠᠳᠤᠨ ᠲᠦᠷᠦᠯ ᠤᠨ ᠬᠡᠪᠴᠢᠶ᠎ᠡ ᠶᠢ ᠨᠦᠬᠦᠷ᠂ ᠦᠷ᠎ᠡ ᠬᠡᠦᠬᠡᠳ᠂ ᠡᠴᠢᠭᠡ ᠡᠬᠡ ᠪᠠᠶᠢᠭᠰᠠᠨ ᠢ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ ᠬᠦᠷᠲᠡᠯ᠎ᠡ ᠥᠷᠭᠡᠳᠬᠡᠨ᠎ᠡ᠃ ᠰᠠᠳᠤᠨ ᠲᠥᠷᠥᠯ  ᠪᠠᠶᠢᠬᠤ ᠦᠭᠡᠢ ᠪᠣᠯ ᠲᠤᠲᠤᠨᠤ ᠬᠦᠮᠦᠰ ᠨᠠᠶᠢᠵᠠ ᠨᠥᠬᠦᠳ ᠢᠶᠠᠨ ᠲᠦᠰᠢᠵᠦ ᠡᠷᠦᠬᠡ ᠠᠮᠠ ᠣᠷᠣᠵᠤ ᠪᠣᠯᠣᠨ᠎ᠠ᠃      3. ᠴᠢᠳᠠᠪᠤᠷᠢᠲᠠᠨ ᠤ ᠡᠷᠦᠬᠡ ᠠᠮᠠ ᠰᠢᠯᠵᠢᠬᠦ ᠨᠥᠬᠦᠴᠡᠯ ᠳᠤ ᠨᠡᠶᠢᠴᠡᠪᠡᠯ᠂ ᠴᠢᠳᠠᠪᠤᠷᠢᠲᠠᠨ ᠤ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃      4. ᠬᠠᠤᠯᠢ ᠶᠣᠰᠣᠨ ᠤ ᠲᠣᠭᠲᠠᠪᠤᠷᠢᠲᠠᠢ ᠠᠵᠢᠯ ᠣᠯᠣᠭᠰᠠᠨ ᠡᠷᠦᠬᠡ ᠠᠮᠠ ᠰᠢᠯᠵᠢᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯ ᠣᠯᠤᠭᠰᠠᠨ ᠡᠷᠦᠬᠡ ᠠᠮᠠ ᠣᠷᠣᠬᠤ ᠪᠠᠷ ᠭᠤᠶᠤᠴᠢᠯᠠᠵᠤ ᠪᠣᠯᠣᠨ᠎ᠠ᠃      5. ᠡᠷᠦᠬᠡ ᠠᠮᠠ ᠰᠢᠯᠵᠢᠬᠦ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠣᠬᠢᠬᠤ ᠲᠣᠭᠲᠠᠭᠠᠯ ᠶᠣᠰᠣᠭᠠᠷ ᠡᠷᠦᠬᠡ ᠠᠮᠠ ᠣᠷᠤᠨ᠎ᠠ᠃      ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 0471-6699697 ︵ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ︶      ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1