ᠪᠣᠣ ᠭᠠᠩ ᠦᠴᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠳᠡᠭᠡᠷ᠎ᠡ ᠲᠤᠭᠤᠰᠢᠯᠠᠭᠤᠯᠵᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ
ᠨᠡᠶᠢᠲᠡᠯᠡᠭᠰᠡᠨ ᠴᠠᠭ᠄
2023/11/7
      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠦᠴᠦᠸᠠᠨ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ᠃      ᠪᠣᠣ ᠭᠠᠩ ᠡᠩ ᠲᠡᠷᠢᠭᠦᠨ ᠳᠤ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠲᠤ ᠬᠦᠷᠴᠦ᠂ ᠶᠠᠨ ᠴᠤᠸᠠᠨ ᠶᠤᠸᠠᠨ ᠭᠤᠯᠢᠷ ᠤᠨ ᠦᠢᠯᠡᠳᠪᠦᠷᠢᠯᠡᠯ ᠤᠨ ᠰᠠᠭᠤᠷᠢᠨ ᠂ ᠮᠧᠩ ᠴᠢ ᠡᠮ ᠤᠨ ᠦᠢᠯᠡᠰ ᠪᠣᠯᠣᠨ ᠶᠢ ᠲᠠᠢ ᠨᠦᠸᠧ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠦᠢᠯᠡᠳᠬᠦᠨ ᠤ ᠦᠷᠳᠡᠭ ᠤᠨ ᠦᠷ᠎ᠡ ᠠᠰᠢᠭ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ ᠦᠴᠦᠸᠠᠨ ᠰᠢᠶᠠᠨ ᠢ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠵᠠᠬᠢᠪᠠ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠦᠴᠦᠸᠠᠨ ᠰᠢᠶᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠵᠢᠴᠢ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠰᠣᠨᠣᠰᠴᠤ᠂ ᠦᠴᠦᠸᠠᠨ ᠰᠢᠶᠠᠨ ᠤ ᠬᠥᠭᠵᠢᠯᠲᠡ ᠶᠢᠨ ᠰᠡᠳᠬᠢᠴᠡ᠂ ᠠᠵᠢᠯ ᠤᠨ ᠠᠷᠭ᠎ᠠ ᠬᠡᠮᠵᠢᠶ᠎ᠡ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠬᠤ ᠳᠠᠭᠠᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠦᠴᠦᠸᠠᠨ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ᠡᠷᠬᠡᠪᠰᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠭᠤᠷᠪᠠᠨ ᠦᠨᠡᠨ ᠪᠣᠳᠠᠲᠠᠢ︾ ᠴᠢᠬᠤᠯᠠ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠠᠳᠠᠯᠢ ᠪᠤᠰᠤ ᠡᠲᠡᠭᠡᠳ᠂ ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠬᠦᠷᠢᠶᠡᠨ ᠤ ᠣᠨᠴᠠᠯᠢᠭ ᠲᠤ ᠴᠢᠭᠯᠡᠭᠦᠯᠦᠨ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠬᠡᠯᠪᠡᠷᠢ ᠶᠢᠨ ᠦᠵᠡᠯ ᠢ ᠦᠨᠡᠨ ᠬᠦ ᠰᠡᠷᠭᠡᠶᠢᠯᠡᠬᠦ ᠬᠡᠷᠡᠭᠲᠡᠢ᠃ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠵᠤ᠂ ᠤᠯᠠᠨ ᠲᠦᠮᠡᠨ ᠳᠤ ᠦᠨᠡᠨᠬᠦ ᠬᠤᠪᠢᠷᠠᠯᠲᠠ ᠶᠢ ᠬᠠᠷᠠᠭᠤᠯᠵᠤ᠂ ᠪᠣᠳᠠᠲᠠᠢ ᠠᠰᠢᠭ ᠬᠦᠷᠲᠡᠭᠡᠵᠦ᠂ ᠡᠯ᠎ᠡ ᠦᠨᠳᠦᠰᠦᠲᠡᠨ ᠤ ᠤᠯᠠᠨ ᠲᠦᠮᠡᠨ ᠢ ᠬᠥᠲᠥᠯᠥᠨ ᠳᠠᠭᠠᠭᠤᠯᠵᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠦᠴᠦᠸᠠᠨ ᠰᠢᠶᠠᠨ ᠪᠣᠯ ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠬᠠᠯᠬᠠᠪᠴᠢ ᠪᠣᠯᠣᠨ᠎ᠠ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨᠬᠦ ᠲᠡᠷᠢᠭᠦᠨ ᠳᠤ ᠲᠠᠯᠪᠢᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠡᠷᠡ ᠬᠡᠪ ᠢᠶᠠᠷ ᠨᠢ ᠰᠠᠶᠢᠲᠤᠷ ᠠᠳᠬᠤᠨ ᠴᠡᠭᠴᠡᠯᠡᠨ ᠰᠠᠶᠢᠵᠢᠷᠠᠭᠤᠯᠵᠤ᠂ ᠳᠠᠯᠠᠨ ᠬᠠᠷ᠎ᠠ ᠠᠭᠤᠯᠠ ᠶᠢᠨ ᠤᠢ ᠰᠢᠭᠤᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠰᠠᠶᠢᠲᠤᠷ ᠬᠢᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠨᠢᠭᠡᠳᠦᠭᠡᠷ ᠠᠵᠤ ᠦᠢᠯᠡᠰ ᠨᠠᠷᠢᠯᠢᠭ ᠬᠢᠵᠦ᠂ ᠥᠪᠡᠷᠮᠢᠴᠡ ᠣᠨᠴᠠᠯᠢᠭ ᠲᠠᠢ ᠭᠠᠵᠠᠷ ᠵᠦᠢ ᠶᠢᠨ ᠠᠭᠤᠷ ᠠᠮᠢᠰᠬᠤᠯ ᠤᠨ ᠨᠥᠬᠦᠴᠡᠯ ᠪᠣᠯᠣᠨ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠤᠯᠤᠰ ᠤᠨ ᠳᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠰᠠᠯᠬᠢ ᠭᠡᠷᠡᠯ ᠤᠰᠤᠨ ᠤ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠡᠨᠧᠷᠭᠢ ᠶᠢ ᠭᠠᠳᠠᠭᠰᠢ ᠬᠦᠷᠭᠡᠵᠦ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠮᠠᠭᠠᠯᠠᠭᠰᠠᠨ ᠤᠷᠢᠲᠠᠯ ᠳᠣᠣᠷ᠎ᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠬᠡᠷᠡᠭᠲᠡᠢ᠃ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ ᠶᠢᠨ ᠥᠨᠳᠦᠷᠯᠢᠭ ᠤᠨ ᠲᠠᠯ᠎ᠠ ᠨᠤᠲᠤᠭ ᠵᠡᠷᠭᠡ ᠪᠠᠶᠢᠭᠠᠯᠢ ᠶᠢᠨ ᠦᠵᠡᠮᠵᠢ ᠶᠢᠨ ᠣᠷᠣᠨ ᠪᠣᠯᠣᠨ ᠤᠮᠠᠷᠠᠲᠤ ᠸᠧᠢ ᠤᠯᠤᠰ ᠤᠨ ᠮᠦᠽᠧᠢ᠂ ᠤᠷᠳᠤ ᠴᠠᠭᠠᠨ ᠬᠡᠷᠡᠮ ᠤᠨ ᠪᠠᠭᠤᠷᠢ ᠶᠢᠨ ᠰᠣᠶᠣᠯ ᠤᠨ ᠴᠡᠴᠡᠷᠯᠢᠭ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠤ ᠬᠥᠭᠵᠢᠯᠲᠡ ᠮᠠᠨᠳᠤᠯᠲᠠ ᠶᠢ ᠳᠠᠶᠢᠴᠢᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠷᠢᠮᠲᠠᠯᠠᠵᠤ᠂ ᠬᠦᠴᠦᠯᠡᠨ ᠴᠢᠷᠮᠠᠶᠢᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠪᠣᠳᠠᠲᠠᠢ ᠪᠠᠷ ᠠᠬᠢᠭᠤᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠳᠠ ᠶᠢᠨ ᠤᠳᠤᠷᠢᠳᠤᠯᠭ᠎ᠠ ᠱᠠᠩ ᠵᠢᠩ ᠮᠢᠨ᠂ ᠸᠠᠩ ᠬᠠᠢ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1