︵ᠰᠤᠷᠪᠤᠯᠵᠢᠯᠠᠭᠴᠢ ᠯᠢᠶᠠᠩ ᠵᠢᠩ ᠱᠤ᠋︶ ︽ᠬᠥᠬᠡᠬᠤᠲᠠ ᠶᠢᠨ ᠡᠮᠴᠢᠯᠡᠭᠡ︾ ᠸᠢᠴᠠᠲ ᠤᠨ ᠨᠡᠶᠢᠲᠡ ᠶᠢᠨ | ᠳ᠋ᠤᠭᠠᠷ ᠢ ᠡᠷᠢᠵᠦ ᠠᠩᠬᠠᠷᠤᠯ ᠢᠶᠠᠨ ᠬᠠᠨᠳᠤᠭᠤᠯᠤᠨ ᠣᠷᠣᠵᠤ ᠢᠷᠡᠭᠰᠡᠨ ᠤ ᠳᠠᠷᠠᠭ᠎ᠠ᠂ ᠡᠷᠡᠭᠦᠯ ᠮᠡᠨᠳᠦ ᠶᠢᠨ ᠺᠣᠳ᠋ ᠤᠨ | ᠳᠣᠣᠷᠠᠬᠢ ︿ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠬᠦ﹀ ᠶᠢ ᠳᠠᠷᠤᠵᠤ᠂ ︿ᠬᠤᠪᠢ ᠬᠥᠮᠥᠨ ᠪᠣᠯᠵᠣᠬᠤ﹀ ᠶᠢ | ᠳᠠᠷᠤᠵᠤ ᠥᠪᠡᠷ ᠤᠨ ᠮᠡᠳᠡᠭᠡ ᠵᠠᠩᠭᠢ ᠪᠠᠨ ᠲᠠᠭᠯᠠᠨ᠎ᠠ᠂ ᠪᠡᠶ᠎ᠡ ᠶᠢᠨ ᠪᠠᠶᠢᠴᠠᠭᠠᠯᠲᠠ ᠬᠢᠬᠦ ᠨᠢᠭᠡᠴᠢ ᠶᠢᠨ ᠪᠠᠶᠢᠭ᠎ᠠ | ᠭᠠᠵᠠᠷ ᠢ ᠰᠣᠩᠭᠤᠵᠤ᠂ ︿ᠪᠡᠶ᠎ᠡ ᠶᠢᠨ ᠦᠨᠡᠮᠯᠡᠯ ᠤᠨ ᠨᠣᠮᠧᠷ﹀ ᠢᠶᠠᠨ ᠪᠢᠴᠢᠵᠦ ᠳᠣᠲᠣᠭᠰᠢ ᠣᠷᠣᠵᠤ᠂ ᠡᠮᠨᠡᠯᠭᠡ ᠶᠢᠨ | ᠬᠤᠷᠢᠶ᠎ᠠ ᠶᠢ ᠰᠣᠩᠭᠤᠵᠤ᠂ ᠪᠡᠶ᠎ᠡ ᠶᠢᠨ ᠪᠠᠶᠢᠴᠠᠭᠠᠯᠲᠠ ᠬᠢᠬᠦ ᠡᠳᠦᠷ ᠢᠶᠠᠨ ᠰᠣᠩᠭᠤᠵᠤ᠂ ︿ᠳᠠᠷᠤᠶᠢᠬᠠᠨ ᠪᠣᠯᠵᠤᠭ᠎ᠠ﹀ | ᠶᠢ ᠳᠠᠷᠤᠪᠠᠯ ᠪᠣᠯᠴᠢᠬᠠᠨ᠎ᠠ᠃ ᠤᠷᠢᠳᠴᠢᠯᠠᠨ ᠪᠣᠯᠵᠣᠭᠰᠠᠨ ᠤ ᠳᠠᠷᠠᠭ᠎ᠠ ᠪᠣᠯᠵᠣᠭᠰᠠᠨ ᠨᠢᠭᠡᠴᠢ᠂ ᠴᠠᠭ ᠢᠶᠠᠨ | ᠮᠠᠷᠲᠠᠭᠰᠠᠨ ᠪᠤᠶᠤ ᠤᠷᠢᠳᠴᠢᠯᠠᠨ ᠪᠣᠯᠵᠣᠭᠰᠠᠨ ᠢᠶᠠᠨ ᠬᠦᠴᠦᠨ ᠦᠭᠡᠢ ᠪᠣᠯᠭᠠᠬᠤ ᠭᠡᠪᠡᠯ᠂ ᠪᠣᠯᠵᠤᠭ᠎ᠠ ᠪᠠᠨ | ᠯᠠᠪᠠᠯᠬᠤ ᠶᠢ ᠳᠠᠷᠤᠵᠤ᠂ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠣᠭᠤᠯᠤᠭᠰᠠᠨ ᠤ ᠳᠠᠷᠠᠭ᠎ᠠ | ᠤᠷᠢᠳᠴᠢᠯᠠᠨ ᠪᠣᠯᠵᠣᠭᠰᠠᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠵᠤ ᠪᠣᠯᠣᠨ᠎ᠠ᠃ ᠡᠯᠧᠺᠲᠷᠣᠨ ᠡᠷᠡᠭᠦᠯ | ᠮᠡᠨᠳᠦ ᠶᠢᠨ ᠦᠨᠡᠮᠯᠡᠯ ᠢ ᠤᠳᠠᠭᠠᠨ ᠳᠠᠷᠤᠵᠤ ᠭᠠᠷ ᠤᠲᠠᠰᠤᠨ ᠳᠡᠭᠡᠷ᠎ᠡ ᠪᠠᠨ ᠵᠢᠷᠤᠭ ᠪᠣᠯᠭᠠᠨ ᠬᠠᠳᠠᠭᠠᠯᠠᠵᠤ ᠪᠣᠯᠣᠨ᠎ᠠ᠂ | ᠬᠦᠴᠦᠨ ᠲᠠᠢ ᠬᠤᠭᠤᠴᠠᠭᠠᠨ ᠳᠤ ᠪᠥᠬᠦ ᠥᠪᠡᠷᠲᠡᠭᠡᠨ ᠵᠠᠰᠠᠬᠤ ᠣᠷᠣᠨ ᠳᠤ ᠬᠡᠷᠡᠭᠯᠡᠵᠦ ᠪᠣᠯᠣᠨ᠎ᠠ᠃ | ᠣᠶᠢᠯᠠᠭᠠᠭᠰᠠᠨ ᠢᠶᠠᠷ᠂ ᠣᠳᠣ ᠪᠣᠯᠲᠠᠯ᠎ᠠ᠂ ᠮᠠᠨ ᠤ ᠬᠤᠲᠠ ᠶᠢᠨ ᠳᠣᠣᠷᠠᠬᠢ ᠮᠡᠲᠦ ᠡᠮᠴᠢᠯᠡᠭᠡᠨ ᠤ | ᠪᠠᠶᠢᠭᠤᠯᠤᠮᠵᠢ ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠵᠦ ᠳᠡᠶᠢᠯᠦᠨ᠎ᠡ᠄ ᠬᠤᠲᠠ ᠶᠢᠨ ᠭᠤᠷᠪᠠᠳᠤᠭᠠᠷ | ᠡᠮᠨᠡᠯᠭᠡ ᠶᠢᠨ ᠬᠤᠷᠢᠶ᠎ᠠ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ | ᠪᠠᠶᠢᠴᠠᠭᠠᠯᠲᠠ ᠶᠢᠨ ᠲᠥᠪ᠂ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠬᠤᠲᠠ ᠶᠢᠨ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠬᠤᠲᠠ ᠶᠢᠨ | ᠨᠢᠭᠡᠳᠦᠭᠡᠷ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ᠂ ᠢᠦᠢ ᠴᠢᠤᠸᠠᠨ ᠲᠣᠭᠤᠷᠢᠭ ᠤᠨ | ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠤ | ᠡᠮᠨᠡᠯᠭᠡ ᠶᠢᠨ ᠬᠤᠷᠢᠶ᠎ᠠ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ | ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠽᠧ ᠺᠠᠩ ᠶᠡᠷᠦᠩᠬᠡᠶᠢᠯᠡᠭᠰᠡᠨ ᠡᠭᠦᠳᠡᠨ | ᠡᠮᠨᠡᠯᠭᠡ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠂ ᠲᠣᠭᠲᠠᠬᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ᠂ ᠦᠴᠦᠸᠠᠨ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠴᠢᠩ ᠱᠦᠢ ᠾᠧ ᠰᠢᠶᠠᠨ ᠤ | ᠡᠮᠨᠡᠯᠭᠡ ᠶᠢᠨ ᠬᠤᠷᠢᠶ᠎ᠠ᠂ ᠴᠢᠩ ᠱᠦᠢ ᠾᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠤᠷᠢᠨᠭᠡᠷ | ᠰᠢᠶᠠᠨ ᠤ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ ᠬᠤᠷᠢᠨᠭᠡᠷ | ᠰᠢᠶᠠᠨ ᠤ ᠬᠥᠩ ᠯᠠᠮᠠ ᠶᠢᠨ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠨᠭᠡᠷ ᠰᠢᠶᠠᠨ ᠤ ᠱᠧᠩ ᠯᠧ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ | ᠬᠤᠷᠢᠨᠭᠡᠷ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠲᠦᠮᠡᠳ ᠵᠡᠭᠦᠨ ᠬᠤᠰᠢᠭᠤᠨ ᠤ ᠶᠢᠨ ᠬᠠᠢ ᠵᠠᠮ ᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |