ᠨᠠᠶᠢᠷᠠᠭᠤᠯᠬᠤ ᠠᠴᠠ ᠡᠮᠦᠨ᠎ᠡ᠄ | ᠡᠨᠡ ᠵᠢᠯ ᠠᠴᠠ ᠨᠠᠭᠠᠰᠢ᠂ ᠮᠠᠨ ᠤ ᠬᠤᠲᠠ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ | ᠬᠡᠷᠡᠭᠵᠢᠭᠦᠯᠵᠦ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠷᠣᠨ ᠤ ᠲᠥᠪ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ 11 ᠳ᠋ᠦ᠋ᠭᠡᠷ ᠰᠠᠷ᠎ᠠ ᠶᠢᠨ | 6 ᠤ ᠡᠳᠦᠷ᠂ ︽ᠠᠵᠤ ᠠᠬᠤᠢ ᠶᠢᠨ ᠡᠳᠦᠷ ᠤᠨ ᠰᠣᠨᠢᠨ︾ ᠤ ᠲᠡᠷᠢᠭᠦᠨ ᠨᠢᠭᠤᠷ ᠲᠤ ︽ᠡᠨᠡ ᠵᠢᠯ ︿ᠵᠢᠷᠭᠤᠭᠠᠨ | ᠶᠡᠭᠡ ᠠᠵᠤ ᠦᠢᠯᠡᠰ ᠤᠨ ᠪᠥᠭᠡᠮᠨᠡᠷᠡᠯ﹀ ᠤᠨ 288 ᠲᠥᠷᠥᠯ ᠵᠦᠢᠯ ᠢ ᠡᠬᠢᠯᠡᠨ ᠬᠡᠷᠡᠭᠵᠢᠭᠦᠯᠵᠦ ᠬᠥᠬᠡᠬᠤᠲᠠ ᠶᠢᠨ | ᠠᠵᠤ ᠠᠬᠤᠢ ᠶᠢᠨ ᠴᠢᠳᠠᠪᠤᠷᠢ ᠶᠢᠨ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ︾ ᠭᠡᠰᠡᠨ ᠵᠣᠬᠢᠶᠠᠯ ᠢ | ᠨᠡᠶᠢᠲᠡᠯᠡᠪᠡ᠂ ᠪᠥᠬᠦ ᠠᠭᠤᠯᠭ᠎ᠠ ᠶᠢ ᠳᠣᠣᠷᠠᠬᠢ ᠮᠡᠲᠦ ᠰᠢᠯᠵᠢᠭᠦᠯᠦᠨ ᠨᠡᠶᠢᠲᠡᠯᠡᠪᠡ᠄ | ᠠᠵᠤ ᠠᠬᠤᠢ ᠶᠢᠨ ᠡᠳᠦᠷ ᠤᠨ ᠰᠣᠨᠢᠨ ᠤ ᠬᠥᠬᠡᠬᠤᠲᠠ ᠶᠢᠨ 11 ᠳ᠋ᠦ᠋ᠭᠡᠷ ᠰᠠᠷ᠎ᠠ ᠶᠢᠨ 5 ᠤ ᠡᠳᠦᠷ ᠤᠨ | ᠮᠡᠳᠡᠭᠡ ︵ᠰᠤᠷᠪᠤᠯᠵᠢᠯᠠᠭᠴᠢ ᠴᠧᠨ ᠯᠢ︶ ᠥᠪᠥᠷ ᠮᠣᠩᠭᠤᠯ ᠤᠨ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠲᠤ ᠣᠷᠣᠬᠤ ᠳᠤ᠂ ᠪᠥᠬᠦ ᠳᠡᠯᠡᠬᠡᠢ ᠶᠢᠨ ᠠᠩᠬᠠᠳᠠᠭᠴᠢ ᠠᠮᠢᠲᠠᠨ ᠤ ᠸᠠᠺᠼᠢᠨ ᠵᠢᠴᠢ | ᠪᠥᠭᠡᠮ ᠬᠦᠴᠢᠯ ᠤᠨ ᠡᠮ ᠤᠨ ᠵᠦᠢᠯ ᠢ ᠣᠶᠤᠨᠴᠢᠯᠠᠨ ᠦᠢᠯᠡᠳᠬᠦ ᠦᠢᠯᠡᠳᠪᠦᠷᠢᠯᠡᠯ ᠤᠨ ᠱᠤᠭᠤᠮ ᠶᠠᠭ ᠶᠠᠭᠠᠷᠠᠯᠲᠠᠢ | ᠠᠵᠢᠯᠯᠠᠵᠤ᠂ ᠣᠲᠣ ᠶᠠᠭ ᠮᠠᠰᠢᠨ ᠴᠠᠬᠢᠯᠭᠠᠨ ᠤ ᠤᠭᠰᠠᠷᠠᠬᠤ ᠢᠨᠵᠧᠨᠧᠷᠢᠩ ᠤᠨ ᠠᠵᠢᠯ ᠢ ᠬᠢᠵᠦ ᠪᠠᠶᠢᠨ᠎ᠠ᠂ | ᠵᠢᠱᠢᠯᠲᠡ ᠪᠠᠷ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠷᠰᠢᠨ ᠲᠣᠬᠢᠷᠠᠭᠤᠯᠵᠤ ᠳᠠᠭᠤᠰᠬᠠᠨ᠂ 2024 | ᠣᠨ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠎ᠠ᠃ | ᠠᠮᠢᠳᠤ ᠪᠣᠳᠠᠰ ᠤᠨ ᠡᠮ ᠡᠮᠨᠡᠯᠭᠡ ᠪᠣᠯᠣᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ ᠵᠡᠷᠭᠡ ᠠᠵᠤ ᠦᠢᠯᠡᠰ ᠬᠠᠮᠲᠤᠪᠠᠷ ᠬᠥᠬᠡᠬᠤᠲᠠ ᠶᠢᠨ ︽ᠵᠢᠷᠭᠤᠭᠠᠨ | ᠶᠡᠭᠡ ᠠᠵᠤ ᠦᠢᠯᠡᠰ ᠤᠨ ᠪᠥᠭᠡᠮᠨᠡᠷᠡᠯ︾ ᠢᠶᠠᠷ ᠲᠣᠭᠲᠠᠭᠠᠭᠳᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠢᠯᠡᠷᠬᠡᠶᠢᠯᠡᠬᠦ ᠳᠡᠭᠡᠨ᠂ ᠣᠷᠣᠨ ᠤ ᠲᠥᠪ ᠤᠨ ᠠᠵᠤ ᠠᠬᠤᠢ ᠶᠢᠨ ᠴᠢᠳᠠᠪᠤᠷᠢ ᠶᠢᠨ ᠲᠠᠰ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠴᠢᠬᠤᠯᠠ ᠨᠢᠭᠡ ᠭᠤᠭᠴᠤᠭ᠎ᠠ ᠪᠣᠯ ᠳᠠᠷᠤᠢ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ | ︾ ᠢ ᠬᠥᠭᠵᠢᠭᠦᠯᠬᠦ ᠶᠢᠨ ᠲᠣᠭᠤᠷᠢᠨ ᠳᠤ᠂ ᠬᠡᠯᠬᠢᠶ᠎ᠡ ᠶᠢᠨ ᠰᠡᠳᠬᠢᠬᠦᠢ ᠪᠠᠷ ᠴᠢᠬᠤᠯᠠ ᠶᠡᠭᠡ ᠲᠥᠷᠥᠯ ᠵᠦᠢᠯ ᠢ | ᠢᠳᠡᠪᠬᠢᠲᠡᠢ ᠪᠠᠶᠢᠷᠢᠯᠠᠭᠤᠯᠬᠤ ᠶᠠᠪᠤᠳᠠᠯ ᠪᠣᠯᠣᠨ᠎ᠠ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2022 | ᠣᠨ ᠳᠤ ᠬᠥᠬᠡᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠦᠢᠯᠡᠳᠬᠦᠨ ᠤ ᠦᠷᠳᠡᠭ | 2000 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ | 88% ᠢ ᠡᠵᠡᠯᠡᠪᠡ᠃ | ᠡᠨᠡ ᠵᠢᠯ ᠠᠴᠠ ᠨᠠᠭᠠᠰᠢ᠂ ᠬᠥᠬᠡᠬᠤᠲᠠ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ 288 | ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠣᠨ ᠳᠤ 562 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠲᠦᠷᠦᠭᠦᠸ ᠭᠤᠷᠪᠠᠨ ᠤᠯᠠᠷᠢᠯ ᠳᠤ 416 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠡᠭᠦᠨ ᠳᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠨᠢ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠵᠡᠷᠭᠡ 94 ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠰᠢᠨ᠎ᠡ | ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ᠂ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ | ᠠᠵᠤ ᠦᠢᠯᠡᠰ ᠤᠨ ᠪᠥᠭᠡᠮᠨᠡᠷᠡᠯ᠂ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ᠂ ᠣᠳᠣᠬᠢᠴᠢᠯᠠᠭᠰᠠᠨ ᠠᠵᠤ | ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠨᠢ ᠤᠷᠢᠳ ᠬᠤᠵᠢᠳ ᠨᠢᠭᠡ ᠪᠦᠯᠦᠭ ᠬᠡᠯᠬᠢᠶ᠎ᠡ ᠶᠢ | ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠣᠷᠣᠭᠤᠯᠤᠨ | ᠠᠪᠴᠢᠷᠠᠵᠤ ᠵᠣᠯᠭᠠᠭᠤᠯᠪᠠ᠃ | ︽ᠳᠡᠭᠡᠭᠰᠢ ᠭᠠᠷᠬᠤ︾ ︵ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢ ᠣᠯᠬᠤ ᠪᠠᠷ | ᠴᠢᠷᠮᠠᠶᠢᠬᠤ︶᠂ ︽ᠳᠣᠷᠣᠭᠰᠢ ᠪᠠᠭᠤᠬᠤ︾ ︵ᠡᠯ᠎ᠡ ᠬᠤᠰᠢᠭᠤ ᠰᠢᠶᠠᠨ ᠳᠤ ᠲᠣᠭᠤᠷᠢᠨ ᠦᠵᠡᠵᠦ ᠠᠳᠠᠯᠢᠳᠬᠠᠵᠤ | ᠰᠤᠷᠤᠯᠴᠠᠵᠤ ᠭᠦᠢᠴᠡᠵᠦ ᠬᠠᠪᠰᠤᠷᠬᠤ ᠶᠢ ᠠᠬᠢᠭᠤᠯᠬᠤ︶᠂ ︽ᠭᠠᠳᠠᠭᠰᠢ ᠭᠠᠷᠬᠤ︾ ︵ᠪᠥᠬᠦ ᠤᠯᠤᠰ ᠤᠨ ᠡᠯ᠎ᠡ | ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ︶ ᠪᠠᠷ ᠳᠠᠮᠵᠢᠭᠤᠯᠤᠨ᠂ ᠬᠥᠬᠡᠬᠤᠲᠠ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠪᠡ᠃ ᠬᠢᠨᠠᠨ ᠵᠥᠪᠰᠢᠶᠡᠷᠡᠬᠦ ᠶᠠᠪᠤᠴᠠ ᠶᠢᠨ ᠲᠠᠯ᠎ᠠ ᠪᠠᠷ ︽ᠰᠢᠨ᠎ᠡ ᠠᠷᠭ᠎ᠠ ᠨᠡᠮᠡᠵᠦ︾᠂ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠠᠪᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ | ᠬᠠᠮᠲᠤᠷᠠᠨ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠬᠢᠨᠠᠵᠤ ᠲᠦᠷᠭᠡᠨ ᠭᠦᠢᠴᠡᠳᠬᠡᠬᠦ 20 ᠵᠦᠢᠯ ᠤᠨ | ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠭᠠᠷ ᠭᠦᠢᠴᠡᠳᠬᠡᠯ ᠢ ᠨᠠᠩ ᠳᠥᠭᠦᠮ ᠳᠥᠲᠡ ᠪᠥᠭᠡᠳ ᠥᠨᠳᠥᠷ | ᠪᠦᠲᠦᠮᠵᠢᠲᠡᠶ ᠪᠣᠯᠭᠠᠪᠠ᠃ ᠲᠣᠬᠢᠷᠠᠭᠤᠯᠤᠯᠲᠠ ᠬᠠᠮᠢᠶᠠᠷᠤᠯᠲᠠ ᠳᠤ ︽ᠲᠠᠪᠴᠠᠩ ᠨᠡᠮᠡᠵᠦ︾᠂ ᠡᠨᠡ ᠵᠢᠯ | ᠬᠥᠬᠡᠬᠤᠲᠠ ᠭᠤᠣᠯᠳᠠᠯᠭ᠎ᠠ ᠲᠠᠢ ᠲᠦᠷᠦᠯ ᠵᠦᠢᠯ ᠤᠨ ᠣᠶᠤᠨᠴᠢ ᠲᠣᠬᠢᠷᠠᠭᠤᠯᠤᠨ ᠬᠠᠮᠢᠶᠠᠷᠬᠤ ᠲᠠᠪᠴᠠᠩ ᠢ ᠰᠢᠨ᠎ᠡ ᠪᠠᠷ | ᠡᠭᠦᠳᠴᠦ᠂ ᠲᠦᠷᠦᠯ ᠵᠦᠢᠯ ᠳᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠬᠢᠵᠦ᠂ | ᠪᠦᠬᠦ ᠬᠤᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ᠃ ᠲᠥᠷᠥᠯ | ᠵᠦᠢᠯ ᠢ ᠲᠦᠯᠬᠢᠨ ᠠᠬᠢᠭᠤᠯᠬᠤ ᠳᠤ ︽ᠪᠠᠲᠤᠯᠠᠭ᠎ᠠ ᠨᠡᠮᠡᠵᠦ︾᠂ ᠤᠯᠤᠰ ᠤᠨ ᠭᠤᠣᠯᠳᠠᠯᠭ᠎ᠠ ᠲᠠᠢ ᠳᠡᠮᠵᠢᠬᠦ ᠬᠦᠷᠢᠶ᠎ᠡ | ᠴᠠᠷᠠᠭ᠎ᠠ ᠶᠢ ᠪᠠᠷᠢᠮᠵᠢᠶᠠᠯᠠᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ᠂ ᠥᠪᠡᠷᠲᠡᠭᠡᠨ ᠵᠠᠰᠠᠬᠤ | ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠥᠷᠢ ᠥᠭᠴᠡᠭᠡ ᠶᠢ ᠴᠢᠷᠮᠠᠶᠢᠨ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠪᠠ᠃ | ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠮᠤᠵᠢ ᠶᠢᠨ ᠲᠥᠪ ᠬᠤᠲᠠ ᠶᠢᠨ ᠨᠢᠭᠡᠳᠦᠭᠡᠷ ᠲᠤ ᠣᠷᠣᠵᠤ | ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ | ᠮᠤᠵᠢ ᠶᠢᠨ ᠲᠥᠪ ᠬᠤᠲᠠ ᠶᠢᠨ ᠬᠤᠶᠠᠳᠤᠭᠠᠷ ᠲᠤ ᠣᠷᠣᠵᠠᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |