ᠣᠶᠢᠷ᠎ᠠ ᠳᠤ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽2023 | ᠣᠨ ᠤ ᠪᠥᠬᠦ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ | ᠲᠣᠭᠤᠷᠢᠭ ︵ᠲᠣᠰᠬᠤᠨ︶ ᠢ ᠪᠣᠶᠢᠵᠢᠭᠤᠯᠬᠤ ᠲᠤᠷᠰᠢᠯᠲᠠ ᠶᠢᠨ ᠴᠢᠭ᠋ ᠢ ᠨᠡᠷᠡᠶᠢᠳᠬᠦ ᠲᠤᠬᠠᠢ ᠮᠡᠳᠡᠭᠳᠡᠯ︾ ᠢ | ᠨᠡᠶᠢᠲᠡᠯᠡᠪᠡ᠃ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤ ᠶᠢᠨ ᠺᠦᠨ ᠰᠢᠨ ᠨᠡᠶᠢᠭᠡᠮ ᠲᠣᠭᠤᠷᠢᠭ᠂ | ᠶᠦᠩ ᠠᠨ ᠨᠡᠶᠢᠭᠡᠮ ᠲᠣᠭᠤᠷᠢᠭ᠂ ᠬᠤᠩ ᠾᠧ ᠪᠠᠯᠭᠠᠰᠤ ᠶᠢᠨ ᠶᠤᠸᠠᠨ ᠽᠢ ᠸᠠᠨ ᠲᠣᠰᠬᠤᠨ᠂ ᠤᠯᠢᠶᠠᠰᠤᠲᠠᠢ | ᠰᠢᠶᠠᠩ ᠤᠨ ᠭᠤᠴᠢᠨ ᠨᠢᠭᠡᠳᠦᠭᠡᠷ ᠲᠣᠰᠬᠤᠨ︽ᠪᠦᠬᠦ ᠬᠤᠳᠠ ᠶᠢᠨ ᠵᠢᠱᠢᠶ᠎ᠡ ᠦᠵᠡᠭᠦᠯᠬᠦ ᠴᠢᠨᠠᠷᠲᠠᠢ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠤᠨ ᠢᠷᠠᠭᠤ ᠠᠯᠳᠠᠷ ᠢ ᠬᠦᠷᠳᠡᠬᠦ ᠶᠢᠨ | ᠬᠠᠮᠲᠤ ᠫᠠᠶᠢᠰᠠ ᠣᠯᠭᠤᠪᠠ᠃ | | | | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠪᠣᠯ | ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠮᠥᠨ᠂ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ | ᠶᠠᠪᠤᠴᠠ ᠳᠤ᠂ ᠡᠯ᠎ᠡ ᠨᠡᠶᠢᠭᠡᠮ ᠲᠣᠭᠤᠷᠢᠭ᠂ ᠲᠣᠰᠬᠤᠨ ᠤ ᠠᠷᠠᠳ ᠤᠨ ᠵᠥᠪᠯᠡᠯ ᠲᠣᠰ ᠭᠠᠵᠠᠷ ᠣᠷᠣᠨ ᠤ ᠪᠠᠨ ᠡᠬᠢ | ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠡᠭᠦᠳᠦᠨ ᠪᠠᠶᠢᠭᠤᠯᠬᠤ ᠠᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠬᠦᠴᠦᠯᠡᠬᠦ ᠴᠡᠭ ᠢ ᠣᠷᠣᠨ | ᠨᠤᠲᠤᠭ ᠤᠨ ᠣᠨᠴᠠᠯᠢᠭ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠲᠠᠢ ᠪᠦᠲᠦᠮᠵᠢᠲᠡᠶ ᠤᠶᠠᠯᠳᠤᠭᠤᠯᠤᠨ᠂ | ᠨᠠᠰᠤᠲᠠᠶᠢᠴᠤᠳ ᠤᠨ ︽ᠥᠲᠡᠯᠪᠡᠯ ᠠᠰᠠᠷᠠᠮᠵᠢ ᠲᠠᠢ᠂ ᠡᠮᠴᠢᠯᠡᠭᠡ ᠲᠠᠢ᠂ ᠰᠤᠷᠤᠯᠴᠠᠯᠭ᠎ᠠ ᠲᠠᠢ᠂ ᠠᠵᠢᠯ ᠦᠢᠯᠡᠰ ᠲᠠᠢ᠂ | ᠪᠠᠶᠠᠷ ᠴᠡᠩᠭᠡᠯ ᠲᠠᠢ ᠪᠠᠶᠢᠬᠤ︾ ᠶᠢ ᠪᠠᠲᠤᠯᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠬᠠᠮᠠᠭᠠᠯᠠᠬᠤ ᠪᠣᠯᠣᠨ᠎ᠠ᠃ | ᠨᠠᠰᠤᠲᠠᠶᠢᠴᠤᠳ ᠤᠨ ᠬᠠᠮᠲᠤ ᠨᠡᠶᠢᠲᠡ ᠪᠣᠯ ᠬᠠᠮᠤᠭ ᠠᠴᠠ ᠬᠦᠨᠳᠦᠳᠬᠡᠭᠦᠰᠢᠲᠡᠢ ᠪᠥᠭᠡᠳ ᠬᠠᠶᠢᠷᠠᠯᠠᠭᠤᠰᠢᠲᠠᠢ | ᠬᠠᠮᠲᠤ ᠨᠡᠶᠢᠲᠡ ᠶᠢᠨ ᠨᠢᠭᠡ ᠮᠥᠨ᠂ ᠪᠠᠰᠠ ᠴᠤ ᠬᠠᠮᠤᠭ ᠠᠴᠠ ᠢᠯᠡᠭᠦᠦ ᠬᠠᠯᠠᠮᠵᠢᠯᠠᠨ ᠬᠠᠪᠰᠤᠷᠬᠤ ᠴᠢᠬᠤᠯᠠᠲᠠᠢ | ᠬᠠᠮᠲᠤ ᠨᠡᠶᠢᠲᠡ ᠶᠢᠨ ᠨᠢᠭᠡ ᠮᠥᠨ᠃ ᠴᠢᠩ ᠱᠦᠢ ᠾᠧ ᠰᠢᠶᠠᠨ ᠤ ᠬᠢᠨ ᠵᠢᠱᠢᠶ᠎ᠡ ᠦᠵᠡᠭᠦᠯᠬᠦ ᠴᠢᠨᠠᠷᠲᠠᠢ | ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠪᠠᠷ ᠭᠠᠷᠳᠠᠴᠠ | ᠪᠣᠯᠭᠠᠵᠤ᠂ ︽ᠪᠦᠬᠦ ᠣᠷᠣᠨ᠂ ᠪᠦᠬᠦ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ | ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ︾ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠬᠥᠭᠵᠢᠯᠲᠡ ᠶᠢᠨ ᠴᠢᠭᠯᠡᠯ ᠪᠣᠯᠣᠨ ᠠᠵᠢᠯ ᠤᠨ ᠪᠠᠶᠢᠷᠢ ᠲᠣᠭᠲᠠᠭᠠᠯᠲᠠ ᠪᠠᠨ ᠤᠯᠠᠮ ᠨᠢᠭᠡ ᠠᠯᠬᠤᠮ | ᠲᠣᠳᠣᠷᠬᠠᠶᠢᠯᠠᠵᠤ᠂ ᠨᠠᠰᠤᠲᠠᠶᠢᠴᠤᠳ ᠤᠨ ᠠᠵᠢᠯ ᠤᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠰᠢᠨᠡᠴᠢᠯᠡᠵᠦ᠂ | ᠡᠯ᠎ᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠤᠭᠰᠠᠨ | ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ | ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠢᠳᠡᠪᠬᠢᠲᠡᠢ ᠪᠠᠷ ᠰᠠᠨᠠᠭᠠᠴᠢᠯᠠᠵᠤ᠂ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠣᠯ ᠪᠣᠯᠭᠠᠵᠤ᠂ ᠨᠠᠰᠤᠲᠠᠶᠢᠴᠤᠳ ᠤᠨ ᠪᠤᠶᠠᠨ | ᠵᠢᠷᠭᠠᠯ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠠᠰᠤᠲᠠᠶᠢᠴᠤᠳ ᠤᠨ ᠠᠩᠬᠠᠷᠴᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠵᠥᠭᠡᠯᠡᠨ ᠬᠠᠲᠠᠭᠤ ᠬᠡᠷᠡᠭᠰᠡᠯ ᠤᠨ ᠪᠠᠶᠢᠭᠤᠯᠤᠯᠲᠠ ᠶᠢ | ᠲᠠᠰᠤᠷᠠᠯᠲᠠ ᠦᠭᠡᠢ ᠰᠠᠶᠢᠵᠢᠷᠠᠭᠤᠯᠵᠤ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ | ᠠᠭᠤᠯᠤᠭᠳᠠᠬᠤᠨ ᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ | ᠰᠢᠶᠠᠨ ᠤ ᠨᠠᠰᠤᠲᠠᠶᠢᠴᠤᠳ ᠤᠨ ᠨᠥᠬᠦᠷᠯᠡᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠪᠣᠯᠣᠨ᠎ᠠ᠃ |