ᠴᠢᠩ ᠱᠦᠢ ᠾᠧ ᠰᠢᠶᠠᠨ ᠤ ᠬᠢᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/8
ᠦᠵᠡᠯ ᠰᠠᠨᠠᠭ᠎ᠠ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠨ ᠰᠢᠨ᠎ᠡ ᠭᠠᠪᠢᠶ᠎ᠠ ᠪᠠᠶᠢᠭᠤᠯᠤᠨ᠎ᠠ ᠴᠢᠩ ᠱᠦᠢ ᠾᠧ ᠰᠢᠶᠠᠨ ᠤ ᠬᠢᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ      ᠴᠢᠩ ᠱᠦᠢ ᠾᠧ ᠰᠢᠶᠠᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠠᠵᠢᠯ ᠤᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠵᠦ᠂ ᠪᠣᠳᠠᠲᠠᠢ ᠠᠵᠢᠯᠯᠠᠬᠤ ᠪᠠᠷ ᠬᠥᠭᠵᠢᠯᠲᠡ ᠶᠢ ᠠᠬᠢᠭᠤᠯᠵᠤ᠂ ᠠᠷᠠᠳ ᠤᠨ ᠢᠲᠡᠭᠡᠯ ᠢ ᠣᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      ᠴᠧᠩ ᠭᠤᠸᠠᠨ ᠪᠠᠯᠭᠠᠰᠤᠨ ᠤ ᠲᠣᠮᠢᠯᠠᠭᠰᠠᠨ ᠰᠠᠯᠪᠤᠷᠢ ᠭᠤᠣᠯ ᠰᠡᠳᠦᠪᠲᠦ ᠬᠥᠮᠦᠵᠢᠯ ᠤᠨ ᠬᠤᠭᠤᠴᠠᠭᠠᠨ ᠳᠤ᠂︽ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠬᠦᠴᠦᠲᠡᠢ ᠠᠬᠢᠭᠤᠯᠪᠠ᠃ 10 ᠳ᠋ᠤᠭᠠᠷ ᠰᠠᠷ᠎ᠠ ᠶᠢᠨ 19 ᠤ ᠡᠳᠦᠷ ᠤᠨ ᠦᠳᠡ  ᠶᠢᠨ ᠬᠤᠶᠢᠨ᠎ᠠ ᠬᠠᠷᠢᠶ᠎ᠠ ᠣᠷᠣᠨ ᠤ ᠣᠯᠠᠨ ᠲᠦᠮᠡᠨ ᠰᠢᠤᠸᠠᠢ ᠣᠪᠣᠭᠲᠤ ︽ᠴᠠᠭᠳᠠᠭ᠎ᠠ ᠠᠷᠠᠳ ᠨᠢᠭᠡ ᠭᠡᠷ ᠢᠶᠠᠷ  ᠢᠶᠠᠨ  ᠠᠶᠤᠯ ᠳᠤ ᠤᠴᠠᠷᠠᠬᠤ ᠳᠤ ᠦᠨᠡᠨ ᠬᠠᠶᠢᠷ᠎ᠠ ᠮᠡᠳᠡᠭᠳᠡᠪᠡ︾ ᠭᠡᠰᠡᠨ ᠬᠡᠮᠡᠷᠯᠢᠭ ᠲᠤᠭ ᠢ ᠴᠧᠩ ᠭᠤᠸᠠᠨ ᠤ ᠲᠣᠮᠢᠯᠠᠭᠰᠠᠨ ᠰᠠᠯᠪᠤᠷᠢ ᠳᠤ ᠬᠦᠷᠭᠡᠵᠦ᠂ ᠠᠷᠠᠳ ᠤᠨ ᠴᠠᠭᠳᠠᠭ᠎ᠠ ᠶᠢᠨ ᠬᠤᠬᠢᠷᠠᠯ ᠢ ᠠᠷᠢᠯᠭᠠᠭᠰᠠᠨ ᠳᠤ ᠲᠠᠯᠠᠷᠬᠠᠵᠠᠢ᠃ ᠤᠤᠯ ᠨᠢ 10 ᠳ᠋ᠤᠭᠠᠷ ᠰᠠᠷ᠎ᠠ ᠶᠢᠨ 14 ᠤ ᠡᠳᠦᠷ᠂ ᠰᠢᠤᠸᠠᠢ ᠣᠪᠣᠭᠲᠤ ᠴᠠᠭᠳᠠᠭ᠎ᠠ ᠳᠤ ᠮᠡᠳᠡᠭᠦᠯᠵᠦ᠂ ᠵᠣᠴᠢᠨ ᠳᠡᠯᠭᠡᠭᠦᠷ ᠠᠴᠠ ᠶᠠᠭᠤᠮ᠎ᠠ ᠬᠤᠳᠠᠯᠳᠤᠨ ᠠᠪᠤᠭᠠᠳ ᠵᠣᠭᠤᠰ ᠢᠶᠠᠨ ᠥᠭᠭᠦᠭᠰᠡᠨ ᠦᠭᠡᠢ ᠪᠠᠷ ᠶᠠᠪᠤᠴᠢᠬᠠᠵᠠᠢ᠂ ᠠᠷᠠᠳ ᠤᠨ ᠴᠠᠭᠳᠠᠭ᠎ᠠ ᠪᠠᠷ ᠬᠠᠪᠰᠤᠷᠤᠭᠤᠯᠤᠨ ᠨᠡᠬᠡᠵᠦ ᠠᠪᠴᠢᠷᠠᠭᠤᠯᠪᠠ ᠭᠡᠵᠡᠢ᠃ ᠰᠢᠤᠸᠠᠢ ᠣᠪᠣᠭᠲᠤ ᠶᠢᠨ ᠳᠦᠷᠰᠦᠯᠡᠭᠰᠡᠨ ᠢ ᠦᠨᠳᠦᠰᠦᠯᠡᠪᠡᠯ᠂ ᠠᠷᠠᠳ ᠤᠨ ᠴᠠᠭᠳᠠᠭ᠎ᠠ ᠨᠠᠷᠢᠨ ᠬᠢᠨᠠᠮᠠᠭᠠᠢ ᠰᠤᠷᠪᠤᠯᠵᠢᠯᠠᠨ ᠪᠠᠶᠢᠴᠠᠭᠠᠵᠤ᠂ ᠬᠡᠳᠦᠨ ᠴᠠᠭ ᠤᠨ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠳᠡᠭᠡᠷ᠎ᠡ ᠤᠳᠠᠭᠠᠨ ᠤ ᠵᠣᠭᠤᠰ ᠲᠥᠯᠥᠬᠦ ᠲᠠᠯ᠎ᠠ ᠠᠴᠠ ᠪᠣᠯᠭᠤᠮᠵᠢ ᠦᠭᠡᠢ ᠠᠴᠠ ᠪᠣᠯᠵᠤ ᠪᠤᠰᠤᠳ ᠲᠤ ᠪᠤᠷᠤᠭᠤ ᠥᠭᠭᠦᠭᠰᠡᠨ ᠵᠣᠴᠢᠳ ᠢ ᠡᠷᠢᠵᠦ ᠣᠯᠣᠭᠰᠠᠨ ᠪᠥᠭᠡᠳ ᠵᠣᠭᠤᠰ ᠢ ᠨᠢ ᠰᠢᠤᠸᠠᠢ ᠣᠪᠣᠭᠲᠤ ᠳᠤ ᠨᠥᠬᠦᠵᠦ ᠥᠭᠭᠦᠭᠰᠡᠨ ᠪᠠᠶᠢᠨ᠎ᠠ᠃ ᠰᠢᠤᠸᠠᠢ ᠣᠪᠣᠭᠲᠤ ᠸᠢᠴᠠᠲ ᠤᠨ ᠵᠣᠭᠤᠰ ᠢ ᠣᠯᠣᠭᠰᠠᠨ ᠤ ᠪᠠᠨ ᠲᠠᠷᠠᠭ᠎ᠠ ᠠᠷᠠᠳ ᠤᠨ ᠴᠠᠭᠳᠠᠭ᠎ᠠ ᠳᠤ ᠰᠡᠳᠬᠢᠯ ᠳᠣᠭᠳᠣᠯᠤᠨ ᠲᠠᠯᠠᠷᠬᠠᠪᠠ᠃      ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠪᠣᠯᠣᠨ ᠬᠤᠳᠠ ᠶᠢᠨ ᠬᠠᠮᠢᠶᠠᠷᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠠᠬᠢᠭᠤᠯᠵᠤ᠂ ᠬᠤᠳᠠ ᠶᠢᠨ ᠳᠦᠷᠰᠦ ᠪᠠᠶᠢᠳᠠᠯ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠦᠴᠦ ᠲᠠᠯᠪᠢᠵᠠᠢ᠃ ᠣᠯᠠᠨ ᠲᠦᠮᠡᠨ ᠤ ᠲᠤᠰᠬᠠᠭᠰᠠᠨ ᠪᠠᠢ ᠣᠪᠣᠭᠲᠠᠨ ᠤ ᠡᠮ ᠤᠨ ᠳᠡᠯᠭᠡᠭᠦᠷ ᠤᠨ ᠡᠭᠦᠳᠡᠨ ᠡᠮᠦᠨᠡᠬᠢ ᠶᠠᠪᠤᠭᠤᠯ ᠳᠡᠯᠭᠡᠭᠦᠷᠴᠢᠨ ᠤ ᠱᠤᠤᠭᠢᠶᠠᠨ ᠠᠷᠠᠳ ᠢ ᠦᠢᠮᠡᠭᠦᠯᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠭ᠎ᠠ ᠪᠠᠶᠢᠳᠠᠯ ᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠡᠷᠡ ᠳᠠᠷᠤᠢ ᠳᠤᠨᠢ ᠲᠤᠰ ᠵᠠᠮ ᠤᠨ ᠨᠡᠭᠦᠳᠡᠯ ᠬᠤᠳᠠᠯᠳᠤᠭᠠᠴᠢᠨ ᠢ ᠵᠢᠯᠣᠭᠤᠳᠤᠨ ᠬᠠᠮᠢᠶᠠᠷᠴᠤ᠂ ᠡᠷᠭᠢᠨ ᠲᠣᠭᠤᠷᠢᠨ ᠤ ᠬᠤᠳᠠᠯᠳᠤᠭᠠᠴᠢᠨ ᠲᠠᠢ ᠪᠦᠲᠦᠮᠵᠢᠲᠡᠶ ᠪᠠᠷ ᠨᠡᠪᠲᠡᠷᠡᠯᠴᠡᠵᠦ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠳᠠᠭᠤᠨ ᠤ ᠬᠡᠮᠵᠢᠶ᠎ᠡ ᠪᠠᠨ ᠳᠣᠷᠣᠭᠰᠢᠯᠠᠭᠤᠯᠵᠤ᠂ ᠪᠣᠯᠪᠠᠰᠤᠨ᠂ ᠡᠶ᠎ᠡ ᠵᠣᠬᠢᠴᠠᠯ ᠲᠠᠢ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠪᠤᠶ ᠪᠣᠯᠭᠠᠵᠤ᠂ ᠳᠠᠭᠤ ᠱᠤᠤᠭᠢᠶᠠᠨ ᠠᠷᠠᠳ ᠢ ᠦᠢᠮᠡᠭᠦᠯᠬᠦ ᠠᠵᠢᠯᠯᠠᠭ᠎ᠠ ᠶᠢ ᠪᠦᠲᠦᠮᠵᠢᠲᠡᠶ ᠪᠠᠷ ᠴᠡᠭᠴᠡᠯᠡᠨ ᠵᠠᠰᠠᠵᠤ᠂ ᠪᠣᠯᠪᠠᠰᠤᠨ ᠰᠢᠶᠠᠨ ᠤ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠦᠬᠦ ᠬᠦᠴᠦ ᠪᠠᠷ ᠢᠶᠠᠨ ᠪᠤᠶ ᠪᠣᠯᠭᠠᠪᠠ᠃      ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︽ᠦᠵᠡᠯ ᠰᠠᠨᠠᠭ᠎ᠠ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠬᠥᠭᠵᠢᠯᠲᠡ ᠶᠢ ᠠᠬᠢᠭᠤᠯᠬᠤ ᠪᠠᠷ ᠠᠵᠢᠯ ᠤᠨ ᠬᠠᠷᠠᠯᠲᠠ ᠪᠠᠨ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠠᠢ ᠶᠢ ᠡᠷᠬᠢᠮᠯᠡᠭᠰᠡᠨ ᠭᠠᠪᠢᠶ᠎ᠠ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ᠣᠶᠢᠷ᠎ᠠ ᠳᠤ᠂ ᠴᠧᠩ ᠭᠤᠸᠠᠨ ᠪᠠᠯᠭᠠᠰᠤᠨ ᠤ ᠪᠢ ᠱᠦᠢ ᠴᠤᠤ ᠶᠠᠩ ᠵᠢᠵᠢᠭ ᠲᠣᠭᠤᠷᠢᠭ ᠤᠨ ᠰᠠᠭᠤᠭᠠᠯᠢ ᠠᠷᠠᠳ ᠵᠢᠵᠢᠭ ᠲᠣᠭᠤᠷᠢᠭ ᠤᠨ ᠣᠶᠢᠷ᠎ᠠ ᠬᠠᠪᠢ ᠶᠢᠨ ᠪᠣᠬᠢᠷ ᠤᠰᠤᠨ ᠤ ᠬᠤᠳᠳᠤᠭ ᠲᠤ ᠪᠣᠬᠢᠷ ᠤᠰᠤ ᠪᠢᠯᠬᠠᠵᠤ᠂ ᠦᠮᠡᠬᠡᠢ ᠦᠨᠦᠷ ᠭᠠᠷᠴᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ ᠭᠡᠵᠦ ᠲᠤᠰᠬᠠᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠪᠣᠬᠢᠷ ᠤᠰᠤ ᠶᠢ ᠴᠡᠪᠡᠷᠯᠡᠬᠦ ᠲᠤᠰᠬᠠᠢ ᠲᠡᠷᠭᠡ ᠶᠢ ᠵᠣᠬᠢᠴᠠᠭᠤᠯᠤᠨ ᠪᠣᠬᠢᠷ ᠤᠰᠤ ᠶᠢ ᠠᠷᠢᠯᠭᠠᠬᠤ ᠠᠵᠢᠯ ᠢ ᠬᠢᠵᠦ᠂ ᠣᠲᠣ ᠪᠣᠬᠢᠷ ᠤᠰᠤᠨ ᠤ ᠬᠤᠳᠳᠤᠭ ᠲᠤ ᠪᠣᠬᠢᠷ ᠤᠰᠤ ᠶᠢ ᠠᠷᠢᠯᠭᠠᠬᠤ ᠠᠵᠢᠯ ᠢ ᠨᠢᠭᠡᠨᠲᠡ ᠬᠢᠵᠦ ᠳᠠᠭᠤᠰᠬᠠᠭᠠᠳ᠂ ᠵᠠᠮ ᠤᠨ ᠭᠠᠳᠠᠷᠭᠤ ᠶᠢ ᠨᠢᠭᠡᠨᠲᠡ ᠴᠡᠪᠡᠷᠵᠢᠭᠦᠯᠦᠭᠰᠡᠨ ᠪᠠᠶᠢᠨ᠎ᠠ᠃ ᠪᠣᠬᠢᠷ ᠤᠰᠤ ᠳᠠᠬᠢᠨᠲᠠ ᠪᠢᠯᠬᠠᠬᠤ ᠠᠴᠠ ᠰᠡᠷᠭᠡᠶᠢᠯᠡᠬᠦ ᠶᠢᠨ ᠲᠥᠯᠥᠭᠡ᠂ ᠲᠣᠰ ᠬᠤᠭᠤᠯᠠᠢ ᠶᠢ ᠦᠷᠭᠦᠯᠵᠢᠯᠡᠨ ᠰᠡᠯᠪᠢᠨ ᠵᠠᠰᠠᠵᠤ ᠰᠢᠢᠳᠪᠦᠷᠢᠯᠡᠨ᠎ᠡ᠃ ᠰᠠᠭᠤᠭᠠᠯᠢ ᠠᠷᠠᠳ ᠤᠯᠠᠨ ᠰᠠᠯᠠᠭ᠎ᠠ ᠮᠥᠴᠢᠷ ᠤᠨ ᠬᠢᠨ ᠤ ᠲᠦᠷᠭᠡᠨ ᠲᠤᠰᠬᠠᠯ᠂ ᠲᠦᠷᠭᠡᠨ ᠰᠢᠢᠳᠪᠦᠷᠢᠯᠡᠯᠲᠡ ᠶᠢ ᠮᠠᠭᠲᠠᠨ ᠰᠠᠶᠢᠰᠢᠶᠠᠪᠠ᠃      ᠴᠢ ᠵᠢᠶᠠ ᠭᠧᠦ ᠲᠣᠰᠬᠤᠨ ᠨᠢ ᠴᠧᠩ ᠭᠤᠸᠠᠨ ᠪᠠᠯᠭᠠᠰᠤ ᠶᠢᠨ ᠬᠤᠳᠠ ᠶᠢᠨ ᠲᠣᠭᠤᠷᠢᠭ ᠤᠨ ᠡᠮᠦᠨ᠎ᠡ ᠲᠠᠯ᠎ᠠ ᠳᠤ ᠪᠠᠶᠢᠷᠢᠯᠠᠵᠤ᠂ ᠲᠡᠭᠦᠨ ᠤ ᠪᠠᠶᠢᠰᠢᠩ ᠤᠨ ᠲᠣᠭᠤᠷᠢᠭ ᠤᠨ ᠣᠶᠢᠷᠠᠯᠴᠠᠭ᠎ᠠ 50 ᠮᠧᠲᠷ ᠤᠨ ᠵᠠᠮ ᠨᠢ ᠬᠠᠲᠠᠭᠤᠷᠠᠭᠰᠠᠨ ᠦᠭᠡᠢ ᠠᠴᠠ ᠰᠠᠭᠤᠭᠠᠯᠢ ᠠᠷᠠᠳ ᠤᠨ ᠬᠡᠪ ᠢᠶᠠᠷ ᠶᠠᠪᠤᠵᠤ ᠰᠠᠭᠤᠬᠤ ᠶᠢ ᠨᠥᠯᠥᠭᠡᠯᠡᠪᠡ᠃ ᠴᠧᠩ ᠭᠤᠸᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠪᠠᠶᠢᠴᠠᠭᠠᠨ ᠰᠢᠨᠵᠢᠯᠲᠡ ᠬᠢᠵᠦ᠂ ᠪᠠᠷᠢᠯᠭ᠎ᠠ ᠶᠢᠨ ᠲᠠᠯ᠎ᠠ ᠶᠢ ᠢᠳᠡᠪᠬᠢᠲᠡᠢ ᠵᠣᠬᠢᠴᠠᠭᠤᠯᠵᠤ᠂ ᠰᠡᠯᠪᠢᠨ ᠵᠠᠰᠠᠬᠤ ᠲᠥᠰᠥᠯ ᠲᠣᠭᠲᠠᠭᠠᠬᠤ ᠪᠠᠷ ᠳᠡᠮᠵᠢᠨ᠂ ᠣᠲᠣ ᠨᠢᠭᠡᠨᠲᠡ ᠲᠣᠰ ᠵᠠᠮ ᠤᠨ ᠬᠡᠰᠡᠭ ᠢ ᠬᠠᠲᠠᠭᠤᠷᠠᠭᠤᠯᠵᠤ᠂ ᠠᠷᠠᠳ ᠣᠯᠠᠨ ᠤ ᠶᠠᠪᠤᠵᠤ ᠰᠠᠭᠤᠬᠤ ᠳᠤ ᠲᠥᠬᠦᠮ ᠦᠵᠡᠭᠦᠯᠪᠡ᠃      ᠰᠢᠶᠠᠨ ᠤ ᠵᠠᠭᠠᠯᠳᠤᠯᠭ᠎ᠠ ᠶᠢ ᠬᠦᠯᠢᠶᠡᠨ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠤᠨ  ᠬᠢᠨ ᠤᠯᠠᠨ ᠲᠦᠮᠡᠨ ᠤ ︽ᠪᠠᠴᠢᠮᠳᠠᠬᠤ ᠬᠦᠴᠢᠷᠳᠡᠬᠦ ᠵᠣᠪᠠᠨᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠲᠡ ᠠᠴᠠ ᠣᠷᠣᠯᠴᠠᠵᠤ ᠡᠷᠲᠡ ᠠᠴᠠ ᠰᠢᠢᠳᠪᠦᠷᠢᠯᠡᠨ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠶᠢ ᠪᠠᠷᠢᠮᠲᠠᠯᠠᠵᠤ᠂ ᠵᠠᠭᠠᠯᠳᠤᠬᠤ ᠠᠴᠠ ᠡᠮᠦᠨ᠎ᠡ ᠤᠷᠢᠳ ᠢᠶᠠᠷ ᠰᠢᠢᠳᠪᠦᠷᠢᠯᠡᠬᠦ ᠶᠢ ᠬᠠᠶᠢᠨ ᠰᠦᠪᠡᠭᠴᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠪᠡ᠃ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠠᠶᠢᠭᠠᠯᠢ ᠲᠧᠭᠨᠢᠭ ᠤᠨ ᠤᠬᠠᠭᠠᠨ ᠤ ᠬᠠᠭᠤᠳᠠᠰᠤ ᠶᠢ ᠨᠡᠶᠢᠲᠡ 1000 ᠭᠠᠷᠤᠢ ᠭᠥᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 81.03%᠂ ᠳᠠᠭᠠᠵᠤ ᠭᠦᠢᠴᠡᠳᠬᠡᠭᠰᠡᠨ ᠨᠣᠷᠮ᠎ᠠ ᠨᠢ 100.00%᠂ ᠰᠢᠢᠳᠪᠦᠷᠢᠯᠡᠭᠰᠡᠨ ᠨᠣᠷᠮ᠎ᠠ ᠨᠢ 100.00%᠂ ᠬᠠᠨᠤᠮᠵᠢᠲᠠᠶ ᠨᠣᠷᠮ᠎ᠠ ᠨᠢ 100.00% ᠪᠠᠶᠢᠵᠤ᠂ ᠳᠥᠷᠪᠡᠨ ᠨᠣᠷᠮ᠎ᠠ ᠶᠢᠨ ᠬᠢᠷᠢ ᠪᠦᠲᠦᠮᠵᠢ ᠨᠢ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠵᠠᠢ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠂ ᠶᠠᠪᠤᠳᠠᠯ ᠪᠦᠬᠦᠨ ᠳᠤ ᠴᠥᠮ ᠨᠠᠶᠢᠷ ᠲᠠᠯ᠎ᠠ ᠲᠠᠢ ᠬᠤᠯᠪᠣᠭᠳᠠᠨ᠎ᠠ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠠᠪᠤᠴᠠ ᠳᠤ᠂ ᠴᠢᠩ ᠱᠦᠢ ᠾᠧ ᠰᠢᠶᠠᠨ ᠤ ᠬᠢᠨ ᠤᠯᠠᠨ ᠲᠦᠮᠡᠨ ᠤ ᠰᠠᠨᠠᠯ ᠢ ᠰᠣᠨᠣᠰᠴᠤ᠂ ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1