ᠴᠢᠩ ᠱᠦᠢ ᠾᠧ ᠰᠢᠶᠠᠨ ᠤ ᠲᠥᠯᠥᠭᠡᠯᠡᠭᠴᠢᠳ ᠤᠨ ᠠᠩᠭᠢ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠤᠣᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2023/11/8
      11ᠳ᠋ᠦ᠋ᠭᠡᠷ ᠰᠠᠷ᠎ᠠ ᠶᠢᠨ 4 ᠤ ᠡᠳᠦᠷ᠂ ᠬᠥᠬᠡᠬᠤᠲᠠ ᠶᠢᠨ ᠬᠤᠣᠷ ᠴᠠᠭᠠᠵᠠᠯᠠᠬᠤ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠴᠠᠭᠠᠵᠠᠯᠠᠬᠤ ᠰᠠᠯᠪᠤᠷᠢ ᠠᠩᠭᠢ ᠶᠢᠨ ᠳᠠᠭᠠᠭᠠᠴᠢᠯᠠᠨ ᠡᠷᠭᠢᠯᠡᠭᠰᠡᠨ ︽ᠬᠤᠣᠷ ᠡᠳ᠋ᠯᠡᠬᠦ ᠶᠢ ᠲᠡᠪᠴᠢᠵᠦ᠂ ᠵᠠᠯᠠᠭᠤ ᠨᠠᠰᠤ ᠶᠢ ᠰᠠᠬᠢᠨ ᠬᠠᠮᠠᠭᠠᠯᠠᠬᠤ︾ ᠵᠠᠯᠠᠭᠤᠴᠤᠳ ᠪᠠᠭᠠᠴᠤᠳ ᠤᠨ ᠬᠤᠣᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠲᠡᠭᠦᠰ ᠠᠮᠵᠢᠯᠲᠠ ᠲᠠᠢ ᠥᠨᠳᠥᠷᠯᠡᠵᠦ᠂ ᠴᠢᠩ ᠱᠦᠢ ᠾᠧ ᠰᠢᠶᠠᠨ ᠤ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃
     ᠲᠣᠰ ᠤᠳᠠᠭᠠᠨ ᠤ ᠤᠷᠤᠯᠳᠤᠭᠠᠨ ᠳᠤ ᠬᠤᠪᠢ ᠬᠥᠮᠥᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠬᠠᠮᠲᠤ ᠪᠠᠷ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ ᠵᠡᠷᠭᠡ ᠳᠥᠷᠪᠡᠨ ᠭᠤᠭᠴᠤᠭ᠎ᠠ ᠶᠢ ᠲᠣᠬᠢᠷᠠᠭᠤᠯᠵᠤ᠂ ᠴᠢᠩ ᠱᠦᠢ ᠾᠧ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠸᠠᠩ ᠱᠦ ᠴᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠴᠢᠶᠣᠤ ᠵᠢᠩ ᠱᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠤᠸ ᠢᠦᠢ ᠪᠠᠷ ᠪᠦᠷᠢᠯᠳᠦᠭᠰᠡᠨ ᠲᠥᠯᠥᠭᠡᠯᠡᠭᠴᠢᠳ ᠤᠨ ᠠᠩᠭᠢ ᠢᠳᠡᠪᠬᠢᠲᠡᠢ ᠢᠯᠡᠷᠡᠯ ᠲᠠᠢ ᠪᠠᠶᠢᠵᠤ᠂ ᠰᠢᠯᠢᠳᠡᠭ ᠬᠢᠷᠢ ᠪᠦᠲᠦᠮᠵᠢ ᠣᠯᠵᠤ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃
     ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠵᠠᠯᠠᠭᠤᠴᠤᠳ ᠪᠠᠭᠠᠴᠤᠳ ᠤᠨ ᠬᠤᠣᠷᠠᠲᠤ ᠡᠳ᠋ ᠢ ᠤᠷᠢᠳᠴᠢᠯᠠᠨ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠠᠵᠢᠯᠯᠠᠭ᠎ᠠ ᠶᠢᠨ ᠵᠣᠷᠢᠯᠭ᠎ᠠ ᠨᠢ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠤᠣᠷᠲᠤ ᠡᠳ᠋ ᠢ ᠴᠠᠭᠠᠵᠠᠯᠠᠬᠤ ᠦᠢᠯᠡᠰ ᠢ ᠢᠳᠡᠪᠬᠢᠲᠡᠢ ᠳᠡᠮᠵᠢᠵᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠣ᠋ ᠰᠢᠨ᠎ᠡ ᠳᠦᠷᠢ ᠲᠥᠷᠬᠦ ᠪᠠᠷ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠰᠢᠨ᠎ᠡ ᠴᠠᠭ ᠦᠶ᠎ᠡ ᠶᠢᠨ ᠬᠤᠣᠷᠲᠤ ᠡᠳ᠋ ᠢ ᠴᠠᠭᠠᠵᠠᠯᠠᠬᠤ ᠠᠷᠠᠳ ᠤᠨ ᠲᠡᠶᠢᠨ ᠢ ᠰᠠᠶᠢᠲᠤᠷ ᠬᠢᠬᠦ ᠶᠢ ᠤᠷᠢᠶᠠᠯᠠᠬᠤ ᠶᠢᠨ ᠲᠥᠯᠥᠭᠡ ᠶᠤᠮ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1