ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠲᠣᠭᠤᠷᠢᠭ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠱᠠᠨ ᠰᠢ ᠮᠤᠵᠢ ᠵᠢᠨᠠᠭᠤᠯᠵᠠᠷ ᠭᠠᠵᠠᠷ ᠲᠤ ᠪᠠᠶᠢᠷᠢᠯᠠᠵᠤ᠂ | ᠬᠠᠲᠤᠨ ᠭᠤᠣᠯ ᠤᠨ ᠱᠠᠨ ᠰᠢ ᠳᠤ ᠣᠷᠣᠬᠤ ᠨᠢᠭᠡᠳᠦᠭᠡᠷ ᠲᠣᠬᠤᠢ ᠪᠣᠯᠣᠨ᠎ᠠ᠃ | | | | ᠡᠮᠦᠨᠡᠰᠢ ᠱᠠᠨ ᠰᠢ ᠮᠤᠵᠢ ᠶᠢᠨ ᠰᠢᠨ ᠵᠧᠦ ᠬᠤᠲᠠ ᠶᠢᠨ ᠪᠢᠶᠠᠨ ᠭᠤᠸᠠᠨ ᠰᠢᠶᠠᠨ ᠲᠠᠢ ᠨᠠᠯᠠᠵᠤ᠂ | ᠤᠮᠠᠷᠠᠰᠢ ᠪᠠᠨ ᠬᠥᠬᠡᠬᠤᠲᠠ ᠶᠢᠨ ᠴᠢᠩ ᠱᠦᠢ ᠾᠧ ᠰᠢᠶᠠᠨ ᠲᠠᠢ ᠲᠦᠰᠢᠵᠦ᠂ ᠪᠠᠷᠠᠭᠤᠨᠰᠢ ᠣᠷᠳᠣᠰ ᠬᠤᠲᠠ ᠶᠢᠨ | ᠵᠡᠭᠦᠨᠭᠠᠷ ᠬᠤᠰᠢᠭᠤ ᠲᠠᠢ ᠬᠥᠷᠰᠢᠯᠡᠵᠦ᠂ ᠤᠷᠲᠤ ᠴᠠᠭᠠᠨ ᠬᠡᠷᠡᠮ ᠪᠣᠯᠣᠨ ᠬᠠᠲᠤᠨ ᠭᠤᠣᠯ ᠠᠳᠡ ᠭᠠᠷ ᠠᠳᠬᠤᠵᠤ᠂ | ᠱᠠᠨ ᠰᠢ ᠱᠠᠨᠰᠢ ᠥᠪᠥᠷ ᠮᠣᠩᠭᠤᠯ ᠤᠨ ᠶᠡᠭᠡ ᠬᠠᠪᠴᠢᠯ ᠠᠳᠡᠬᠢ ᠪᠠᠷ ᠡᠬᠢᠯᠡᠯᠲᠡ ᠪᠣᠯᠭᠠᠳᠠᠭ᠃ | | | | ᠠᠳᠡᠬᠢ ᠭᠠᠵᠠᠷ ᠰᠢᠨᠵᠢᠯᠡᠭᠡᠨ ᠤ ᠦᠯᠡᠳᠡᠭᠳᠡᠯ ᠡᠯᠪᠡᠭ ᠪᠠᠶᠠᠯᠢᠭ᠂ ᠪᠠᠶᠢᠭᠠᠯᠢ ᠶᠢᠨ ᠦᠵᠡᠮᠵᠢ ᠶᠢᠨ ᠥᠪᠡᠷᠮᠢᠴᠡ | ᠣᠨᠴᠠᠯᠢᠭ ᠲᠠᠢ᠂ ᠬᠥᠮᠥᠨ ᠰᠣᠶᠣᠯ ᠤᠨ ᠲᠡᠦᠬᠡ ᠥᠨᠢ ᠤᠳᠠᠭᠠᠨ᠂ ᠠᠮᠢ ᠠᠬᠤᠢ ᠶᠢᠨ ᠣᠷᠴᠢᠨ ᠲᠣᠭᠤᠷᠢᠨ | ᠭᠤᠶᠢᠳᠠ ᠰᠠᠶᠢᠬᠠᠨ᠂ ᠳᠤᠮᠳᠠᠳᠤ ᠤᠯᠤᠰ ᠤᠨ ᠬᠠᠮᠤᠭ ᠤᠨ ᠭᠤᠶᠣ ᠠᠷᠪᠠᠨ ᠶᠡᠭᠡ ᠬᠠᠪᠴᠢᠯ ᠤᠨ ᠨᠢᠭᠡ᠂ ᠳᠤᠮᠳᠠᠳᠤ | ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ᠂ ᠤᠯᠤᠰ ᠤᠨ ᠳᠡᠰ ᠤᠨ ᠭᠠᠵᠠᠷ | ᠰᠢᠨᠵᠢᠯᠡᠭᠡᠨ ᠤ ᠴᠡᠴᠡᠷᠯᠢᠭ᠂ᠤᠯᠤᠰ ᠤᠨ AAAA ᠳᠡᠰ ᠤᠨ ᠵᠢᠭᠤᠯᠴᠢᠯᠠᠯ ᠤᠨ ᠦᠵᠡᠮᠵᠢᠲᠦ ᠲᠣᠭᠤᠷᠢᠭ ᠢᠶᠠᠷ | ᠰᠠᠶᠢᠰᠢᠶᠠᠭᠳᠠᠳᠠᠭ᠃ | |