ᠴᠢᠩ ᠱᠦᠢ ᠾᠧ ᠰᠢᠶᠠᠨ ᠤ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠭᠡᠷ ᠪᠦᠯᠢ ᠳᠤ ᠨᠢᠭᠡ ᠤᠳᠠᠭ᠎ᠠ ᠶᠢᠨ ᠴᠢᠨᠠᠷᠲᠠᠢ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢᠨ ᠬᠠᠷᠢᠭᠤᠯᠲᠠ
ᠨᠡᠶᠢᠲᠡᠯᠡᠭᠰᠡᠨ ᠴᠠᠭ᠄
2023/11/9
      ᠨᠢᠭᠡ᠂ ᠲᠦᠭᠡᠭᠡᠨ ᠥᠭᠬᠦ ᠨᠥᠬᠦᠴᠡᠯ      1.  ᠬᠤᠶᠠᠳᠤᠭᠠᠷ ᠬᠡᠦᠬᠡᠳ᠂ ᠭᠤᠷᠪᠠᠳᠤᠭᠠᠷ ᠬᠡᠦᠬᠡᠳ ᠨᠢ 2023 ᠣᠨ ᠤ 8 ᠳ᠋ᠤᠭᠠᠷ ᠰᠠᠷ᠎ᠠ ᠶᠢᠨ 24 ᠤ ᠡᠳᠦᠷ ᠠᠴᠠ ᠰᠡᠭᠦᠯᠡᠷ ᠲᠥᠷᠥᠭᠰᠡᠨ ᠭᠡᠷ ᠪᠦᠯᠢ᠃      2. ᠣᠷᠤᠭ ᠰᠠᠯᠤᠭᠰᠠᠨ ᠪᠤᠶᠤ ᠨᠥᠬᠦᠷ ᠢᠶᠠᠨ ᠠᠯᠳᠠᠭᠰᠠᠨ ᠭᠡᠷ ᠪᠦᠯᠢ᠂ ᠳᠠᠭᠢᠵᠤ ᠤᠷᠤᠭᠯᠠᠭᠰᠠᠨ ᠤ ᠳᠠᠷᠠᠭ᠎ᠠ ᠣᠲᠣ ᠶᠢᠨ ᠬᠤᠯᠪᠣᠰᠤ ᠲᠠᠢ ᠪᠠᠨ 2 ᠬᠡᠦᠬᠡᠳ᠂ 3 ᠬᠡᠦᠬᠡᠳ ᠠᠪᠤᠭᠰᠠᠨ ᠪᠠᠶᠢᠪᠠᠯ᠂ ᠢᠮᠠᠭᠲᠠ ᠡᠷ᠎ᠡ ᠡᠮ᠎ᠡ ᠬᠤᠶᠠᠭᠤᠯᠠ ᠪᠠᠷ ᠨᠢᠭᠡᠴᠢ ᠪᠣᠯᠭᠠᠨ ᠪᠤᠳᠤᠨ᠎ᠠ᠂ ᠳᠠᠭᠢᠵᠤ ᠤᠷᠤᠭᠯᠠᠭᠰᠠᠨ ᠡᠷ᠎ᠡ ᠡᠮ᠎ᠡ ᠶᠢᠨ ᠤᠷᠤᠭᠯᠠᠬᠤ ᠠᠴᠠ ᠡᠮᠦᠨ᠎ᠡ ᠲᠥᠷᠥᠭᠰᠡᠨ ᠦᠷ᠎ᠡ ᠬᠡᠦᠬᠡᠳ ᠢ ᠣᠲᠣ ᠶᠢᠨ ᠭᠡᠷ ᠪᠦᠯᠢ ᠶᠢᠨ ᠦᠷ᠎ᠡ ᠬᠡᠦᠬᠡᠳ ᠤᠨ ᠲᠤᠭ᠎ᠠ ᠳᠤ ᠣᠷᠣᠭᠤᠯᠵᠤ ᠨᠡᠶᠢᠯᠡᠭᠦᠯᠦᠨ ᠪᠤᠳᠤᠬᠤ ᠦᠭᠡᠢ᠃      3. ᠨᠢᠭᠡᠳᠦᠭᠡᠷ ᠬᠡᠦᠬᠡᠳ ᠲᠡᠭᠡᠨ ᠢᠬᠡᠷ᠎ᠡ ᠬᠡᠦᠬᠡᠳ ᠲᠠᠢ ᠭᠡᠷ ᠪᠦᠯᠢ ᠶᠢ ᠬᠤᠶᠠᠷ ᠬᠡᠦᠬᠡᠳ ᠠᠪᠤᠭᠰᠠᠨ ᠭᠡᠷ ᠪᠦᠯᠢ ᠪᠠᠷ ᠪᠤᠳᠤᠨ᠎ᠠ᠂ ᠨᠢᠭᠡᠨᠲᠡ 1 ᠬᠡᠦᠬᠡᠳ ᠠᠪᠤᠭᠰᠠᠨ ᠪᠥᠭᠡᠳ ᠪᠠᠰᠠ ᠢᠬᠡᠷ᠎ᠡ ᠬᠡᠦᠬᠡᠳ ᠠᠪᠤᠭᠰᠠᠨ ᠪᠠᠶᠢᠪᠠᠯ᠂ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠴᠤ ᠪᠣᠯᠣᠨ᠎ᠠ᠃ ᠨᠢᠭᠡᠳᠦᠭᠡᠷ ᠬᠡᠦᠬᠡᠳ ᠨᠢ ᠢᠬᠡᠷ᠎ᠡ ᠬᠡᠦᠬᠡᠳ᠂ ᠬᠤᠶᠠᠳᠤᠭᠠᠷ ᠬᠡᠦᠬᠡᠳ ᠨᠢ ᠢᠬᠡᠷ᠎ᠡ ᠬᠡᠦᠬᠡᠳ ᠪᠤᠶᠤ ᠢᠬᠡᠷ᠎ᠡ ᠭᠤᠷᠪᠠ ᠪᠠᠶᠢᠪᠠᠯ ᠭᠤᠷᠪᠠᠨ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠤᠨ᠎ᠠ᠃      4. ᠨᠢᠭᠡᠳᠦᠭᠡᠷ ᠬᠡᠦᠬᠡᠳ ᠨᠢ ᠢᠬᠡᠷ᠎ᠡ ᠭᠤᠷᠪᠠ ᠪᠠᠶᠢᠭᠰᠠᠨ ᠭᠡᠷ ᠪᠦᠯᠢ ᠳᠤ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠴᠤ ᠪᠣᠯᠣᠨ᠎ᠠ᠃ ᠨᠢᠭᠡᠳᠦᠭᠡᠷ ᠬᠡᠦᠬᠡᠳ ᠨᠢ 1 ᠬᠡᠦᠬᠡᠳ ᠪᠥᠭᠡᠳ ᠬᠤᠶᠠᠳᠤᠭᠠᠷ ᠬᠡᠦᠬᠡᠳ ᠨᠢ ᠢᠬᠡᠷ᠎ᠡ᠂ ᠢᠬᠡᠷ᠎ᠡ ᠭᠤᠷᠪᠠ ᠪᠠᠶᠢᠪᠠᠯ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠴᠤ ᠪᠣᠯᠣᠨ᠎ᠠ᠃      5. ᠡᠷ᠎ᠡ ᠡᠮ᠎ᠡ ᠬᠤᠶᠠᠭᠤᠯᠠ ᠶᠢᠨ ᠲᠥᠷᠥᠭᠰᠡᠨ ᠠᠩᠬᠠᠨ ᠤ ᠬᠡᠦᠬᠡᠳ ᠨᠢ ᠦᠬᠦᠭᠰᠡᠨ ᠤ ᠳᠠᠷᠠᠭ᠎ᠠ ᠬᠤᠶᠠᠳᠤᠭᠠᠷ ᠬᠡᠦᠬᠡᠳ ᠲᠠᠢ ᠪᠣᠯᠪᠠᠯ ᠬᠤᠶᠠᠷ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠤᠨ᠎ᠠ᠂ ᠳᠠᠬᠢᠭᠠᠳ ᠭᠤᠷᠪᠠᠳᠤᠭᠠᠷ ᠬᠡᠦᠬᠡᠳ ᠲᠠᠢ ᠪᠣᠯᠪᠠᠯ ᠭᠤᠷᠪᠠᠨ ᠬᠡᠦᠬᠡᠳ ᠠᠪᠤᠭᠰᠠᠨ ᠭᠡᠷ ᠪᠦᠯᠢ ᠪᠠᠷ ᠭᠤᠶᠤᠴᠢᠯᠠᠨ ᠠᠪᠤᠨ᠎ᠠ᠃      6. ᠡᠷᠭᠦᠨ ᠲᠡᠵᠢᠭᠡᠭᠰᠡᠨ ᠦᠷ᠎ᠡ ᠬᠡᠦᠬᠡᠳ ᠢ ᠭᠡᠷ ᠪᠦᠯᠢ ᠶᠢᠨ ᠦᠷ᠎ᠡ ᠬᠡᠦᠬᠡᠳ ᠤᠨ ᠲᠣᠭᠠᠨ ᠤ ᠪᠦᠷᠢᠳᠬᠡᠯ ᠳᠤ ᠣᠷᠣᠭᠤᠯᠬᠤ ᠤᠶᠢᠭᠡᠢ᠃      7. ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠨᠢ ᠴᠥᠮ ᠴᠢᠩ ᠱᠦᠢ ᠾᠧ ᠰᠢᠶᠠᠨ ᠪᠤᠶᠤ ᠨᠢᠭᠡ ᠡᠲᠡᠭᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ᠨᠢ ᠴᠢᠩ ᠱᠦᠢ ᠾᠧ ᠰᠢᠶᠠᠨ ᠪᠣᠯᠬᠤ ᠮᠥᠷᠲᠡᠭᠡᠨ ᠬᠡᠦᠬᠡᠳ ᠤᠨ ᠡᠷᠦᠬᠡ ᠠᠮᠠ ᠶᠢᠨ ᠳᠠᠩᠰᠠ ᠨᠢ ᠴᠢᠩ ᠱᠦᠢ ᠾᠧ ᠰᠢᠶᠠᠨ ᠤ ᠡᠷᠦᠬᠡ ᠠᠮᠠ ᠶᠢᠨ ᠳᠠᠩᠰᠠ ᠳᠤ ᠪᠠᠶᠢᠬᠤ ᠬᠡᠷᠡᠭᠲᠡᠢ᠃      8. ᠬᠡᠷᠪᠡ ᠬᠤᠯᠪᠣᠰᠤ ᠪᠠᠨ ᠠᠯᠳᠠᠭᠰᠠᠨ ᠪᠤᠶᠤ ᠤᠷᠤᠭ ᠰᠠᠯᠤᠭᠰᠠᠨ ᠪᠠᠶᠢᠪᠠᠯ᠂ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠥᠭᠡᠳ ᠦᠷ᠎ᠡ ᠬᠡᠦᠬᠡᠳ ᠢᠶᠠᠨ ᠪᠣᠳᠠᠲᠠᠢ ᠪᠠᠷ ᠬᠠᠷᠠᠭᠠᠯᠵᠠᠵᠤ ᠪᠠᠶᠢᠭ᠎ᠠ ᠨᠢᠭᠡ ᠡᠲᠡᠭᠡᠳ ᠲᠤ ᠣᠯᠭᠤᠨ᠎ᠠ᠂ ᠬᠡᠷᠪᠡ ᠬᠤᠶᠠᠷ ᠡᠲᠡᠭᠡᠳ ᠢᠶᠠᠷ ᠢᠶᠠᠨ ᠲᠤᠰ ᠲᠤᠰ ᠲᠤᠨᠢ ᠠᠰᠠᠷᠠᠨ ᠲᠡᠵᠢᠭᠡᠬᠦ ᠪᠥᠭᠡᠳ ᠬᠠᠷᠠᠭᠠᠯᠵᠠᠵᠤ ᠪᠠᠶᠢᠪᠠᠯ᠂ ᠲᠤᠰ ᠪᠦᠷᠢ ᠨᠢᠭᠡ ᠯᠡ ᠤᠳᠠᠭ᠎ᠠ ᠶᠢᠨ ᠴᠢᠨᠠᠷᠲᠠᠢ ᠬᠡᠦᠬᠡᠳ ᠪᠣᠶᠢᠵᠢᠭᠤᠯᠬᠤ ᠨᠥᠬᠦᠪᠦᠷᠢ ᠮᠥᠩᠭᠦ ᠶᠢᠨ 50% ᠶᠢ  ᠭᠠᠷᠳᠠᠵᠤ ᠠᠪᠤᠨ᠎ᠠ᠃      ᠬᠤᠶᠠᠷ᠂ ᠰᠠᠭᠤᠭᠠᠯᠢ ᠠᠷᠠᠳ ᠬᠡᠷᠬᠢᠨ ᠭᠤᠶᠤᠴᠢᠯᠠᠨ ᠠᠪᠬᠤ ᠪᠤᠢ      ᠲᠤᠰ ᠬᠥᠮᠥᠨ ᠨᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠡᠷ᠎ᠡ ᠡᠮ᠎ᠡ ᠬᠤᠶᠠᠭᠤᠯᠠ ᠶᠢᠨ ᠤᠷᠤᠭ ᠤᠨ ᠦᠨᠡᠮᠯᠡᠯ᠂ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠠᠨᠠᠭᠠᠬᠤ ᠤᠬᠠᠭᠠᠨ ᠤ ᠭᠡᠷᠡᠴᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ᠂ ᠡᠷ᠎ᠡ ᠡᠮ᠎ᠡ ᠬᠤᠶᠠᠭᠤᠯᠠ ᠶᠢᠨ ᠳᠤᠷ᠎ᠠ ᠶᠢᠨ ᠨᠢᠭᠡ ᠡᠲᠡᠭᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ︵ᠡᠷᠦᠬᠡ ᠠᠮᠠ ᠶᠢᠨ ᠪᠠᠶᠢᠭ᠎ᠠ ᠭᠠᠵᠠᠷ ᠨᠢ ᠴᠢᠩ ᠱᠦᠢ ᠾᠧ ᠰᠢᠶᠠᠨ︶ ᠤᠨ ᠨᠡᠶᠢᠭᠡᠮ ᠲᠣᠭᠤᠷᠢᠭ ︵ᠲᠣᠰᠬᠤᠨ ᠤ ᠰᠠᠭᠤᠭᠠᠯᠢ ᠠᠷᠠᠳ︶ ᠲᠤ ᠬᠦᠷᠴᠦ ᠭᠤᠶᠤᠴᠢᠯᠠᠬᠤ ᠬᠦᠰᠦᠨᠦᠭᠲᠦ ᠶᠢ ᠲᠠᠭᠯᠠᠨ ᠮᠡᠳᠡᠭᠦᠯᠬᠦ ᠬᠡᠷᠡᠭᠲᠡᠢ᠂ ᠬᠡᠷᠪᠡ ᠡᠷ᠎ᠡ ᠡᠮ᠎ᠡ ᠬᠤᠶᠠᠷ ᠡᠲᠡᠭᠡᠳ ᠨᠢ ᠠᠳᠠᠯᠢ ᠨᠢᠭᠡ ᠡᠷᠦᠬᠡ ᠠᠮᠠ ᠶᠢᠨ ᠪᠠᠶᠢᠭ᠎ᠠ ᠭᠠᠵᠠᠷ ᠲᠤ ᠪᠠᠶᠢᠬᠤ ᠦᠭᠡᠢ ᠮᠥᠷᠲᠡᠭᠡᠨ ᠡᠷ᠎ᠡ ᠡᠮ᠎ᠡ ᠬᠤᠶᠠᠷ ᠡᠲᠡᠭᠡᠳ ᠢᠶᠠᠷ ᠢᠶᠠᠨ ᠴᠥᠮ ᠴᠢᠩ ᠱᠦᠢ ᠾᠧ ᠰᠢᠶᠠᠨ ᠤ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠨᠢᠭᠡ ᠡᠲᠡᠭᠡᠳ ᠨᠢ ᠴᠢᠩ ᠱᠦᠢ ᠾᠧ ᠰᠢᠶᠠᠨ ᠤ ᠡᠷᠦᠬᠡ ᠠᠮᠠ ᠶᠢᠨ ᠪᠠᠶᠢᠭ᠎ᠠ ᠭᠠᠵᠠᠷ ᠪᠠᠶᠢᠪᠠᠯ᠂ ᠨᠥᠭᠦᠭᠡ ᠡᠲᠡᠭᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠭᠠᠷᠭᠠᠭᠰᠠᠨ ᠨᠢᠭᠡ ᠯᠡ ᠤᠳᠠᠭ᠎ᠠ ᠶᠢᠨ ᠴᠢᠨᠠᠷᠲᠠᠢ ᠬᠡᠦᠬᠡᠳ ᠪᠣᠶᠢᠵᠢᠭᠤᠯᠬᠤ ᠨᠡᠮᠡᠭᠦᠷᠢ ᠭᠤᠶᠤᠴᠢᠯᠠᠭᠰᠠᠨ ᠦᠭᠡᠢ ᠭᠡᠷᠡᠴᠢ ᠶᠢ ᠬᠠᠩᠭᠠᠬᠤ ᠬᠡᠷᠡᠭᠲᠡᠢ᠃ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ ᠪᠠᠶᠢᠭ᠎ᠠ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠷᠠᠭ᠎ᠠ ᠵᠢᠯ ᠳᠤᠨᠢ ᠪᠠᠩᠬᠢ ᠶᠢᠨ ᠳᠠᠩᠰᠠᠨ ᠤ ᠨᠣᠮᠧᠷ ᠢᠶᠠᠷ ᠣᠯᠠᠨ ᠲᠦᠮᠡᠨ ᠤ ᠭᠠᠷ ᠲᠤ ᠣᠯᠭᠤᠨ᠎ᠠ᠃      ᠭᠤᠷᠪᠠ᠂ ᠣᠯᠭᠤᠬᠤ ᠪᠠᠷᠢᠮᠵᠢᠶ᠎ᠠ      ᠨᠥᠬᠦᠴᠡᠯ ᠳᠤ ᠨᠡᠶᠢᠴᠡᠬᠦ ᠭᠡᠷ ᠪᠦᠯᠢ ᠳᠤ ᠬᠠᠤᠯᠢ ᠶᠣᠰᠣᠭᠠᠷ ᠲᠥᠷᠥᠭᠰᠡᠨ ᠬᠤᠶᠠᠷ ᠬᠡᠦᠬᠡᠳ᠂ ᠭᠤᠷᠪᠠᠨ ᠬᠡᠦᠬᠡᠳ ᠢᠶᠠᠷ ᠨᠢᠭᠡ ᠤᠳᠠᠭ᠎ᠠ ᠶᠢᠨ ᠴᠢᠨᠠᠷᠲᠠᠢ 5000 ᠲᠥᠭᠦᠷᠢᠭ ᠤᠨ ᠨᠥᠬᠦᠪᠦᠷᠢ ᠣᠯᠭᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1