ᠬᠠᠲᠤᠨ ᠭᠤᠣᠯ ᠤᠨ ᠴᠢᠩ ᠱᠦᠢ ᠾᠧ ᠭᠤᠣᠯ ᠤᠨ ᠬᠡᠰᠡᠭ ᠲᠤ ᠶᠡᠭᠡ ᠬᠡᠪᠴᠢᠶᠡᠨ ᠤ ᠰᠥᠩ ᠬᠠᠯᠢᠶ᠎ᠠ ᠲᠠᠢ ᠪᠣᠯᠪᠠ
ᠨᠡᠶᠢᠲᠡᠯᠡᠭᠰᠡᠨ ᠴᠠᠭ᠄
2023/12/1
      ᠬᠦᠢᠲᠡᠨ ᠠᠭᠠᠷ ᠤᠨ ᠡᠮᠦᠨᠡᠰᠢᠯᠡᠯᠲᠡ ᠶᠢᠨ ᠨᠥᠯᠥᠭᠡ ᠠᠴᠠ ᠪᠣᠯᠵᠤ᠂ ᠬᠠᠲᠤᠨ ᠭᠤᠣᠯ ᠤᠨ ᠴᠢᠩ ᠱᠦᠢ ᠾᠧ ᠰᠢᠶᠠᠨ ᠤ ᠯᠠᠮᠠ ᠶᠢᠨ ᠲᠣᠬᠤᠢ ᠤᠨ ᠬᠡᠰᠡᠭ ᠲᠤ ᠶᠡᠭᠡ ᠬᠡᠪᠴᠢᠶᠡᠨ ᠤ ᠰᠥᠩ ᠬᠠᠯᠢᠶ᠎ᠠ ᠢᠯᠡᠷᠡᠵᠦ᠂ ᠶᠡᠭᠡ ᠪᠠᠭ᠎ᠠ ᠰᠥᠩ ᠨᠢ ᠤᠷᠤᠰᠬᠠᠯ ᠢ ᠲᠠᠭᠠᠨ ᠪᠠᠭᠤᠵᠤ᠂ ᠦᠵᠡᠮᠵᠢ ᠪᠠᠶᠢᠳᠠᠯ ᠨᠢ ᠮᠠᠰᠢ ᠰᠦᠷᠯᠢᠭ ᠪᠠᠶᠢᠪᠠ᠃
     ᠬᠠᠲᠤᠨ ᠭᠤᠣᠯ ᠴᠢᠩ ᠱᠦᠢ ᠾᠧ ᠰᠢᠶᠠᠨ ᠤ ᠬᠡᠪᠴᠢᠶ᠎ᠡ ᠳᠣᠲᠣᠷ᠎ᠠ 65 ᠺᠢᠯᠣᠮᠧᠲᠷ ᠤᠷᠤᠰᠤᠨ ᠥᠩᠭᠡᠷᠡᠵᠦ᠂ ᠡᠷᠭᠢ ᠳᠠᠭᠠᠤ ᠭᠤᠷᠪᠠᠨ ᠪᠠᠯᠭᠠᠰᠤ ᠨᠢᠭᠡ ᠰᠢᠶᠠᠩ ᠲᠠᠢ ᠬᠤᠯᠪᠣᠭᠳᠠᠨ᠂ ᠪᠦᠬᠦ ᠰᠢᠶᠠᠨ ᠤ ᠰᠥᠩ ᠬᠠᠯᠢᠶ᠎ᠠ ᠶᠢ ᠰᠡᠷᠭᠡᠶᠢᠯᠡᠬᠦ ᠭᠤᠣᠯᠳᠠᠯᠭ᠎ᠠ ᠨᠢ ᠤᠷᠤᠰᠬᠠᠯ ᠨᠢ ᠮᠠᠰᠢ ᠲᠦᠷᠭᠡᠨ ᠪᠠᠶᠢᠭ᠎ᠠ ᠯᠠᠮᠠ ᠶᠢᠨ ᠲᠣᠬᠤᠢ ᠪᠠᠯᠭᠠᠰᠤᠨ ᠤ ᠰᠢᠶᠣᠣ ᠱᠢ ᠶᠣᠣ ᠠᠴᠠ ᠰᠠᠨ ᠳ᠋ᠣᠣ ᠲᠠ ᠬᠦᠷᠬᠦ ᠬᠡᠰᠡᠭ ᠪᠣᠯᠣᠨ᠎ᠠ᠃      ᠣᠳᠣᠬᠠᠨ ᠳᠤ ᠬᠠᠲᠤᠨ ᠭᠤᠣᠯ ᠤᠨ ᠴᠢᠩ ᠱᠦᠢ ᠾᠧ ᠭᠤᠣᠯ ᠤᠨ ᠬᠡᠰᠡᠭ ᠨᠢ ᠶᠠᠭ ᠡᠪᠦᠯ ᠤᠨ ᠤᠯᠠᠷᠢᠯ ᠤᠨ ᠰᠥᠩ ᠬᠠᠯᠢᠶ᠎ᠠ ᠪᠠᠷ ᠭᠤᠣᠯ ᠢ ᠪᠢᠲᠡᠭᠦᠮᠵᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠰᠢᠶᠠᠨ ᠤ ᠰᠥᠩ ᠬᠠᠯᠢᠶ᠎ᠠ ᠶᠢ ᠰᠡᠷᠭᠡᠶᠢᠯᠡᠬᠦ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠵᠢᠯᠤᠭᠤᠳᠬᠤ ᠲᠥᠪ ᠨᠢᠭᠡᠨᠲᠡ ᠰᠥᠩ ᠬᠠᠯᠢᠶ᠎ᠠ ᠶᠢ ᠰᠡᠷᠭᠡᠶᠢᠯᠡᠬᠦ ᠠᠵᠢᠯᠯᠠᠭᠠᠨ ᠤ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠪᠥᠬᠦ ᠰᠢᠶᠠᠨ ᠤ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠨᠠᠷᠢᠨ ᠨᠢᠭᠲᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠤᠰᠬᠠᠢ ᠠᠵᠢᠯᠲᠠᠨ ᠲᠣᠮᠢᠯᠠᠵᠤ᠂ ᠵᠢᠵᠢᠭᠦᠷᠯᠡᠨ ᠰᠠᠬᠢᠭᠴᠢ 24 ᠴᠠᠭ ᠤᠨ ᠳᠣᠲᠣᠷ᠎ᠠ ᠲᠠᠰᠤᠷᠠᠯᠲᠠ ᠦᠭᠡᠢ ᠠᠩᠬᠠᠷᠤᠨ ᠰᠡᠷᠭᠡᠶᠢᠯᠡᠬᠦ ᠶᠢ ᠬᠡᠷᠡᠭᠵᠢᠭᠦᠯᠦᠭᠰᠡᠨ ᠪᠥᠭᠡᠳ 290 ᠬᠥᠮᠥᠨ ᠤ ᠠᠶᠤᠯ  ᠠᠴᠠ ᠠᠪᠤᠷᠠᠬᠤ ᠡᠩᠨᠡᠭᠡ ᠶᠢ ᠤᠷᠢᠳᠴᠢᠯᠠᠨ ᠲᠣᠬᠢᠷᠠᠭᠤᠯᠵᠤ᠂ ᠡᠳ᠋ ᠮᠠᠲ᠋ᠧᠷᠢᠶᠠᠯ᠂ ᠡᠳ᠋ ᠪᠣᠳᠠᠰ ᠵᠡᠷᠭᠡ ᠶᠢᠨ ᠨᠥᠭᠡᠴᠡ ᠶᠢ ᠪᠦᠷᠢᠨ ᠪᠦᠲᠦᠨ ᠪᠣᠯᠭᠠᠵᠠᠢ᠃ ᠰᠦᠩ ᠬᠠᠯᠢᠶ᠎ᠠ ᠤᠰᠤᠨ ᠳᠤ ᠭᠠᠷᠬᠤ ᠪᠠᠶᠢᠳᠠᠯ ᠲᠣᠬᠢᠶᠠᠯᠳᠤᠪᠠᠯ ᠰᠦᠩ ᠬᠠᠯᠢᠶ᠎ᠠ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠴᠠᠭ ᠲᠤᠬᠠᠢ ᠳᠤᠨᠢ ᠡᠬᠢᠯᠡᠨ ᠬᠡᠷᠡᠭᠵᠢᠭᠦᠯᠵᠦ᠂ ᠬᠠᠲᠤᠨ ᠭᠤᠣᠯ ᠳᠠᠭᠠᠤ ᠶᠢᠨ ᠵᠠᠰᠠᠮᠠᠯ ᠵᠠᠮ ᠢ ᠪᠢᠲᠡᠭᠦᠮᠵᠢᠯᠡᠬᠦ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠠᠪᠴᠤ᠂ ᠮᠠᠨ ᠤ ᠰᠢᠶᠠᠨ ᠤ ᠭᠤᠣᠯ ᠳᠠᠭᠠᠤ ᠶᠢᠨ ᠵᠠᠰᠠᠮᠠᠯ ᠵᠠᠮ ᠤᠨ ᠶᠠᠪᠠᠭᠠᠨ ᠬᠥᠮᠥᠨ ᠪᠣᠯᠣᠨ ᠲᠡᠷᠭᠡ ᠬᠥᠰᠬᠡ ᠶᠢᠨ ᠵᠠᠮ ᠨᠡᠪᠲᠡᠷᠡᠯᠭᠡ ᠶᠢ ᠦᠨᠡᠨᠬᠦ ᠪᠠᠲᠤᠯᠠᠵᠤ᠂ ᠰᠦᠩ ᠬᠠᠯᠢᠶ᠎ᠠ ᠶᠢᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1