ᠴᠢᠩ ᠱᠦᠢ ᠾᠧ ᠰᠢᠶᠠᠨ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠵᠦ︾ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ ᠠᠵᠢᠯ ᠣᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2023/12/11
      ᠨᠢᠭᠡ ᠳᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠶᠢᠨ ᠬᠦᠴᠦᠨ ᠢ ᠰᠢᠩᠭᠡᠬᠡᠨ ᠠᠪᠴᠤ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠠᠵᠢᠯ ᠣᠯᠭᠤᠬᠤ ᠴᠢᠬᠤᠯᠠ ᠠᠷᠭ᠎ᠠ ᠵᠠᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠶᠢᠨ ᠬᠦᠴᠦᠨ ᠤ ᠳᠣᠲᠣᠷᠠᠬᠢ ᠪᠠᠭᠤᠷᠠᠢ ᠬᠥᠳᠡᠯᠮᠦᠷᠢ ᠶᠢᠨ ᠬᠦᠴᠦᠨ᠂ ᠬᠠᠭᠠᠰ ᠬᠥᠳᠡᠯᠮᠦᠷᠢ ᠶᠢᠨ ᠬᠦᠴᠦᠨ ᠪᠠ ᠭᠠᠳᠠᠭᠰᠢ ᠭᠠᠷᠬᠤ ᠶᠢᠨ ᠠᠷᠭ᠎ᠠ ᠦᠭᠡᠢ᠂ ᠠᠵᠢᠯ ᠣᠯᠬᠤ ᠠᠵᠢᠯ ᠦᠭᠡᠢ᠂ ᠲᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢ ᠤᠷᠢᠳᠠᠪᠠᠷ ᠲᠥᠪᠬᠢᠨᠡᠭᠦᠯᠵᠦ᠂ ᠡᠨᠡ ᠵᠢᠯ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢ 2235 ᠬᠥᠮᠥᠨ ᠳᠤ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠ ᠡᠭᠦᠷᠭᠡ ᠶᠢᠨ 101.59% ᠶᠢ ᠪᠡᠶᠡᠯᠡᠭᠦᠯᠪᠡ᠃      ᠬᠤᠶᠠᠷ ᠲᠤ᠂ ᠲᠠᠪᠴᠠᠩ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ︽ᠬᠠᠪᠤᠷ ᠤᠨ ᠰᠠᠯᠬᠢᠨ ᠤ ᠠᠵᠢᠯᠯᠠᠭ᠎ᠠ︾᠂ ︽ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ︾᠂ ︽ᠠᠯᠲᠠᠨ ᠨᠠᠮᠤᠷ ᠤᠨ ᠲᠤᠰᠬᠠᠢ ᠲᠠᠯᠠᠪᠤᠷ︾᠂ ︽ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠵᠣᠬᠢᠴᠠᠬᠤ ᠪᠣᠯᠪᠠᠰᠤᠷᠠᠯ︾᠂ ︽ᠴᠡᠷᠢᠭ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠲᠤᠰᠬᠠᠢ ᠲᠠᠯᠠᠪᠤᠷ︾ ᠵᠡᠷᠭᠡ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ 17 ᠪᠠᠶᠢᠭᠤᠯᠬᠤ ᠪᠠᠷ ᠳᠡᠮᠵᠢᠨ᠂ ᠠᠵᠤ ᠠᠬᠤᠶᠢᠯᠠᠯ ᠳᠤ ᠨᠡᠶᠢᠲᠡ 502 ᠬᠥᠮᠥᠨ ᠡᠯᠰᠡᠵᠦ᠂ ᠡᠭᠦᠨ ᠳᠤ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ 199 ᠬᠥᠮᠥᠨ ︵ᠳ᠋ᠣᠺᠲ᠋ᠣᠷ 1᠂ ᠮᠠᠰᠲ᠋ᠧᠷ 4᠂ ᠵᠢᠩᠬᠢᠨᠢ ᠠᠩᠭᠢ ᠶᠢᠨ 25᠂ ᠲᠤᠰᠬᠠᠢ ᠠᠩᠭᠢ ᠶᠢᠨ 169 ᠬᠥᠮᠥᠨ︶ ᠪᠣᠶ᠃ ᠮᠠᠨ ᠤ ᠰᠢᠶᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠠᠰᠢᠭᠯᠠᠯᠲᠠ ᠳᠤ ᠣᠷᠣᠵᠤ᠂ ᠡᠳᠦᠷ ᠤᠨ ᠬᠦᠴᠦᠨ ᠤ ᠠᠵᠢᠯ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯᠴᠢᠨ ᠢ ᠬᠡᠷᠡᠭᠯᠡᠬᠦ ᠪᠠ ᠠᠵᠤ ᠠᠬᠤᠶᠢᠯᠠᠯ ᠤᠨ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯᠴᠢᠨ ᠢ ᠬᠡᠷᠡᠭᠯᠡᠬᠦ ᠳᠤ ᠵᠥᠪᠯᠡᠯᠭᠡ ᠥᠭᠬᠦ᠂ ᠵᠣᠯᠭᠠᠭᠤᠯᠬᠤ᠂ ᠤᠷᠢᠬᠤ᠂ ᠡᠷᠬᠡ ᠠᠰᠢᠭ ᠢ ᠪᠠᠲᠤᠯᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠪᠠ᠃      ᠭᠤᠷᠪᠠ ᠳᠤ᠂ ᠪᠣᠯᠪᠠᠰᠤᠷᠠᠯ ᠤᠨ ᠴᠢᠳᠠᠪᠤᠷᠢ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢᠨ ᠥᠷᠢᠰᠦᠯᠳᠦᠭᠡᠨ ᠤ ᠲᠦᠪᠰᠢᠨ ᠢ ᠳᠡᠭᠡᠭᠰᠢᠯᠡᠭᠦᠯᠪᠡ᠃ ᠡᠨᠡ ᠵᠢᠯ 5 ᠬᠤᠭᠤᠴᠠᠭ᠎ᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ 150 ᠰᠣᠷᠣᠭᠴᠢ ᠶᠢ ᠪᠣᠯᠪᠠᠰᠤᠷᠠᠭᠤᠯᠵᠤ᠂ ᠣᠨ ᠤ ᠬᠠᠷᠠᠯᠲᠠᠲᠤ ᠡᠭᠦᠷᠭᠡ ᠶᠢ 125% ᠪᠠᠷ ᠪᠡᠶᠡᠯᠡᠭᠦᠯᠪᠡ︔ ᠬᠤᠲᠠ ᠪᠠᠯᠭᠠᠰᠤ ᠶᠢᠨ ᠮᠡᠷᠭᠡᠵᠢᠯ ᠴᠢᠳᠠᠪᠤᠷᠢ ᠪᠠ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ 23 ᠬᠤᠭᠤᠴᠠᠭ᠎ᠠ ᠥᠷᠨᠢᠭᠦᠯᠵᠦ᠂ 1036 ᠰᠣᠷᠣᠭᠴᠢ ᠶᠢ ᠪᠣᠯᠪᠠᠰᠤᠷᠠᠭᠤᠯᠪᠠ᠂ ᠡᠭᠦᠨ ᠳᠤ ᠬᠤᠲᠠ ᠪᠠᠯᠭᠠᠰᠤ ᠶᠢᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ 376 ᠬᠥᠮᠥᠨ ᠪᠠᠶᠢᠵᠤ᠂ ᠣᠨ ᠤ ᠬᠠᠷᠠᠯᠲᠠ ᠶᠢᠨ ᠡᠭᠦᠷᠭᠡ ᠶᠢ 125% ᠪᠡᠶᠡᠯᠡᠭᠦᠯᠵᠦ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ 660 ᠬᠥᠮᠥᠨ ᠪᠠᠶᠢᠵᠤ᠂ ᠣᠨ ᠤ ᠬᠠᠷᠠᠯᠲᠠ ᠶᠢᠨ ᠡᠭᠦᠷᠭᠡ ᠶᠢ 110% ᠪᠠᠷ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠭᠤᠣᠯᠳᠠᠯᠭ᠎ᠠ ᠲᠠᠢ ᠠᠵᠤ ᠦᠢᠯᠡᠰ᠂ ᠡᠯ᠎ᠡ ᠲᠥᠷᠥᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠡᠷᠡᠭᠴᠡᠭᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠬᠤ ᠳᠤ ᠬᠦᠴᠢᠷᠲᠡᠢ ᠬᠠᠮᠲᠤᠯᠢᠭ᠂ ᠠᠮᠢᠳᠤᠯᠢᠭ ᠢᠶᠠᠷ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠲᠤ ︽ᠪᠥᠬᠦ ᠬᠡᠯᠬᠢᠶ᠎ᠡ︾ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠬᠥᠳᠡᠯᠮᠦᠷᠢ ᠬᠦᠴᠦᠨ ᠢ ᠬᠠᠪᠰᠤᠷᠤᠨ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠲᠣᠭᠲᠠᠪᠤᠷᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1