ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠤᠨ᠎ᠠ ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ᠄ ᠤᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/12/12
      ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠳᠤ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠳᠤ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠮᠵᠢ ᠶᠢ ᠮᠡᠳᠡᠷᠡᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠦᠨᠡᠨᠬᠦ ᠡᠳ᠋ᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠠᠢ᠃      ᠦᠨᠳᠦᠰᠦᠨ ᠱᠠᠲᠤᠨ ᠤ ᠵᠠᠰᠠᠯᠲᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠮᠦᠨ᠎ᠡ ᠨᠢ ᠶᠠᠪᠤᠬᠤ ᠶᠢ ᠬᠦᠴᠦᠯᠡᠨ ᠠᠬᠢᠭᠤᠯᠪᠠ᠃ ᠤᠯᠢᠶᠠᠰᠤᠲᠠᠢ ᠰᠢᠶᠠᠩ ᠤᠨ ᠪᠥᠸᠧ ᠼᠠᠢ ᠶᠢᠩ ᠲᠣᠰᠬᠤᠨ ᠳᠤ᠂ ᠲᠣᠰᠬᠤᠨ ᠤ ᠨᠠᠮ ᠤᠨ ᠡᠭᠦᠷ ᠲᠣᠰᠬᠤᠨ ᠤ ᠠᠷᠠᠳ ᠤᠨ ᠡᠳᠦᠷ ᠲᠤᠳᠤᠮ ᠤᠨ ᠬᠡᠷᠡᠭᠴᠡᠭᠡ ᠶᠢ ᠡᠮᠬᠢᠳᠬᠡᠨ ᠬᠤᠷᠢᠶᠠᠩᠭᠤᠶᠢᠯᠠᠵᠤ᠂ ︽ᠬᠡᠷᠡᠭᠴᠡᠭᠡ ᠶᠢᠨ ᠨᠠᠷᠢᠨ ᠳᠠᠩᠰᠠ︾ ᠶᠢ ᠪᠦᠷᠢᠯᠳᠦᠭᠦᠯᠵᠦ᠂ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠲᠣᠰᠬᠤᠨ ᠤ ᠨᠠᠮ ᠤᠨ ᠡᠭᠦᠷ ᠠᠴᠠ ᠾᠧ ᠫᠢᠩ ᠲᠣᠰᠬᠤᠨ ᠳᠤ ᠨᠢᠭᠡᠨ ᠤᠰᠤ ᠲᠠᠲᠠᠬᠤ ᠬᠥᠭᠦᠷᠭᠡ ᠪᠠᠶᠢᠭᠤᠯᠵᠤ᠂ ᠰᠢᠶᠣᠣ ᠲᠣᠰᠬᠤᠨ ᠳᠤ ᠤᠰᠤᠨ ᠳᠤ ᠡᠪᠳᠡᠭᠳᠡᠭᠰᠡᠨ ᠲᠣᠰᠬᠤᠨ ᠳᠤ ᠨᠡᠪᠲᠡᠷᠡᠬᠦ ᠵᠠᠮ ᠤᠨ ᠬᠤᠶᠠᠷ ᠭᠠᠵᠠᠷ ᠤᠨ 100 ᠮᠧᠲᠷ ᠢ ᠰᠡᠯᠪᠢᠨ ᠵᠠᠰᠠᠵᠤ᠂ ᠪᠥᠸᠧ ᠼᠠᠢ ᠶᠢᠩ ᠤᠨ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠤᠨ ᠵᠠᠮ ᠢ 50 ᠮᠧᠲᠷ ᠢ ᠵᠠᠯᠭᠠᠨ ᠨᠠᠪᠲᠠᠷᠡᠭᠦᠯᠵᠦ᠂ ᠬᠠᠲᠠᠭᠤᠷᠠᠭᠤᠯᠬᠤ ᠠᠴᠠ ᠡᠮᠦᠨ᠎ᠡ ᠶᠣᠳᠣᠲᠤ ᠲᠣᠰᠬᠤᠨ ᠪᠠ ᠠᠷᠤ ᠶᠣᠳᠣᠲᠤ ᠲᠣᠰᠬᠤᠨ ᠳᠤ ᠨᠡᠪᠲᠡᠷᠡᠬᠦ ᠵᠠᠮ ᠢ 3 ᠺᠢᠯᠣᠮᠧᠲᠷ ᠵᠠᠰᠠᠵᠤ᠂ ᠲᠣᠰᠬᠤᠨ ᠤ ᠠᠷᠠᠳ ᠤᠨ ᠵᠥᠪᠯᠡᠯ ᠠᠴᠠ ᠶᠢᠦ ᠷᠠᠨ ᠮᠠᠯ ᠠᠵᠤ ᠠᠬᠤᠢ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠬᠦᠷᠬᠦ ᠵᠠᠮ ᠢ 2 ᠺᠢᠯᠣᠮᠧᠲᠷ ᠥᠷᠭᠡᠳᠬᠡᠵᠦ᠂ 41 ᠨᠡᠷᠡᠨ ᠡᠨᠧᠷᠭᠢ ᠶᠢᠨ ᠵᠠᠮ ᠤᠨ ᠳ᠋ᠧᠩ ᠢ ᠰᠣᠯᠢᠵᠤ᠂ ᠤᠰᠤᠨ ᠳᠤ ᠡᠪᠳᠡᠭᠳᠡᠭᠰᠡᠨ ᠲᠠᠷᠢᠶᠠᠨ ᠭᠠᠵᠠᠷ ᠤᠨ ᠠᠵᠢᠯᠯᠠᠬᠤ ᠵᠠᠮ ᠢ 6 ᠺᠢᠯᠣᠮᠧᠲᠷ ᠰᠡᠯᠪᠢᠨ ᠵᠠᠰᠠᠪᠠ᠃      ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠪᠠᠳᠠᠷᠠᠭᠤᠯᠵᠤ᠂ ᠲᠠᠷᠢᠶᠠᠴᠢᠨ ᠲᠦᠮᠡᠨ ᠳᠤ ︽ᠵᠢᠩᠬᠢᠨᠢ ᠠᠯᠲᠠ ᠮᠥᠩᠭᠦ︾ ᠣᠯᠭᠤᠨ᠎ᠠ᠃ ︽ᠮᠠᠨ ᠤ ᠲᠣᠰᠬᠤᠨ ᠤ ᠬᠤᠪᠢᠷᠠᠯᠲᠠ ᠪᠣᠯ ᠦᠨᠡᠬᠡᠷ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠮᠥᠨ᠂ ᠬᠥᠲᠥᠯ ᠳᠡᠭᠡᠷ᠎ᠡ ᠳᠤᠰᠤᠯᠭᠠᠨ ᠤᠰᠤᠯᠠᠵᠤ᠂ ᠥᠷᠭᠡᠨ ᠪᠥᠭᠡᠳ ᠲᠡᠭᠰᠢᠬᠡᠨ ᠴᠠᠷᠳᠠᠮᠠᠯ ᠵᠠᠮ ᠢ ᠭᠡᠷ ᠤᠨ ᠡᠭᠦᠳᠡᠨ ᠳᠤ ᠬᠦᠷᠲᠡᠯ᠎ᠡ ᠵᠠᠰᠠᠵᠤ᠂ ᠪᠠᠰᠠ ᠮᠠᠨ ᠤ ᠬᠤᠵᠢᠷᠯᠢᠭ ᠭᠠᠵᠠᠷ ᠢ ᠥᠭᠡᠷᠡᠴᠢᠯᠡᠵᠡᠢ᠂ ᠡᠨᠡ ᠨᠢ ᠦᠨᠡᠬᠡᠷ ᠮᠠᠨ ᠤ ᠬᠤᠶᠠᠭᠤᠯᠠ ᠶᠢᠨ ᠶᠡᠭᠡ ᠠᠰᠠᠭᠤᠳᠠᠯ ᠢ ᠰᠢᠢᠳᠪᠦᠷᠢᠯᠡᠵᠡᠢ ᡽︾ ᠭᠡᠵᠦ ᠤᠯᠢᠶᠠᠰᠤᠲᠠᠢ ᠰᠢᠶᠠᠩ ᠤᠨ ᠭᠤᠴᠢᠨ ᠨᠢᠭᠡᠳᠦᠭᠡᠷ ᠨᠣᠮᠧᠷᠲᠤ ᠲᠣᠰᠬᠤᠨ ᠤ ᠠᠷᠠᠳ ᠵᠠᠩ ᠡᠵᠢ ᠰᠡᠳᠬᠢᠯ ᠳᠣᠭᠳᠣᠯᠤᠨ ᠬᠡᠯᠡᠪᠡ᠃ ︽ᠪᠢᠳᠡ ᠨᠠᠰᠤ ᠠᠬᠢᠴᠢᠬᠠᠯ᠎ᠠ᠂ ᠶᠠᠭ ᠰᠠᠨᠠᠭ᠎ᠠ ᠵᠣᠪᠠᠵᠤ ᠳᠠᠷᠢᠵᠤ ᠳᠡᠶᠢᠯᠬᠦ ᠦᠭᠡᠢ ᠪᠣᠯᠴᠢᠬᠠᠯ᠎ᠠ᠂ ᠶᠠᠭᠠᠬᠢᠳᠠᠭ ᠪᠢᠯᠡ᠂ ᠡᠨᠡ ᠬᠦ ᠰᠠᠶᠢᠨ ᠲᠥᠷᠥ ᠶᠢᠨ ᠪᠣᠳᠣᠯᠭ᠎ᠠ ᠨᠢ ᠬᠤᠵᠢᠷᠯᠢᠭ ᠭᠠᠵᠠᠷ ᠢ ᠥᠭᠡᠷᠡᠴᠢᠯᠡᠵᠦ᠂ ᠪᠢᠳᠡ ᠠᠵᠤ ᠠᠬᠤᠶᠢᠯᠠᠯ ᠳᠤ ᠡᠷᠭᠢᠯᠲᠡ ᠳᠤ ᠣᠷᠣᠭᠤᠯᠬᠤ ᠳᠤ ᠪᠠᠭ᠎ᠠ ᠪᠤᠰᠤ ᠡᠷᠭᠢᠯᠲᠡ ᠶᠢᠨ ᠰᠦᠢᠳᠬᠡᠯ ᠣᠯᠵᠤ ᠪᠣᠯᠣᠨ᠎ᠠ ᠭᠡᠵᠦ ᠪᠤᠳᠤᠵᠤ ᠣᠯᠣᠭᠰᠠᠨ ᠦᠭᠡᠢ︾ ᠭᠡᠵᠡᠢ᠃      ᠭᠤᠴᠢᠨ ᠨᠢᠭᠡᠳᠦᠭᠡᠷ ᠨᠣᠮᠧᠷᠲᠤ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠰᠤᠷᠪᠤᠯᠵᠢᠯᠠᠬᠤ ᠳᠤᠮᠳᠠ ᠪᠠᠨ ᠡᠮᠦᠨ᠎ᠡ ᠬᠦᠷᠢᠶᠡᠲᠦ ᠲᠣᠰᠬᠤᠨ ᠤ ᠾᠧᠦ ᠲᠠᠨ ᠤ ᠭᠠᠵᠠᠷ ᠬᠤᠵᠢᠷᠰᠢᠵᠤ᠂ ᠬᠤᠷᠢᠶᠠᠯᠲᠠ ᠶᠢ ᠲᠤᠶᠢᠯ ᠤᠨ ᠶᠡᠭᠡ ᠪᠠᠷ ᠨᠥᠯᠥᠭᠡᠯᠡᠭᠰᠡᠨ ᠢ ᠣᠯᠵᠤ ᠮᠠᠲᠠᠵᠠᠢ᠃ ᠡᠳᠡᠭᠡᠷ ᠭᠠᠵᠠᠷ ᠤᠨ ᠭᠠᠷᠤᠯᠲᠠ ᠳᠣᠣᠷ᠎ᠠ᠂ ᠡᠷᠭᠢᠯᠲᠡ ᠳᠤ ᠣᠷᠣᠭᠤᠯᠬᠤ ᠳᠤ ᠬᠦᠴᠢᠷᠲᠡᠢ᠂ ᠲᠠᠷᠢᠬᠤ ᠦᠭᠡᠢ ᠴᠦ ᠭᠡᠰᠡᠨ ᠬᠠᠷᠠᠮᠰᠠᠯᠲᠠᠢ ᠭᠡᠵᠦ ᠭᠠᠴᠠᠭᠠᠨ ᠤ ᠠᠷᠠᠳ ᠨᠡᠶᠢᠳᠡᠮ ᠲᠤᠰᠬᠠᠵᠤ ᠪᠠᠶᠢᠯ᠎ᠠ᠃ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠣᠯᠠᠨ ᠲᠠᠯ᠎ᠠ ᠪᠠᠷ ᠬᠠᠷᠢᠯᠴᠠᠵᠤ ᠵᠣᠬᠢᠴᠠᠭᠤᠯᠬᠤ ᠪᠠᠷ ᠳᠡᠮᠵᠢᠨ᠂ ᠡᠴᠦᠰ ᠲᠡᠭᠡᠨ ᠥᠪᠥᠷ ᠮᠣᠩᠭᠤᠯ ᠤᠨ ᠵᠥᠩ ᠴᠢᠩ ᠬᠢᠵᠠᠭᠠᠷᠲᠤ ᠺᠣᠮᠫᠠᠨᠢ ᠲᠠᠢ ᠬᠤᠯᠪᠤᠭᠠᠯᠠᠨ᠂ ᠬᠤᠵᠢᠷᠰᠢᠭᠰᠠᠨ ᠲᠠᠩ ᠭᠠᠵᠠᠷ ᠢ ᠥᠭᠡᠷᠡᠴᠢᠯᠡᠬᠦ ᠶᠢᠨ ᠬᠠᠮᠲᠤ ᠡᠷᠭᠢᠯᠲᠡ ᠳᠤ ᠣᠷᠣᠭᠤᠯᠵᠤ᠂ ᠡᠷᠭᠢᠯᠲᠡ ᠶᠢᠨ ᠵᠠᠷᠤᠳᠠᠯ ᠨᠢ ᠵᠢᠯ ᠪᠦᠷᠢ 550 ᠲᠥᠭᠦᠷᠢᠭ ᠪᠣᠯᠣᠨ᠎ᠠ᠃ ᠡᠭᠦᠨ ᠤ ᠬᠠᠮᠲᠤ᠂ ᠭᠤᠴᠢᠨ ᠨᠢᠭᠡᠳᠦᠭᠡᠷ ᠲᠣᠰᠬᠤᠨ ᠶᠢᠦ ᠷᠠᠨ ᠮᠠᠯᠵᠢᠯ ᠤᠨ ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠳᠤ ᠲᠦᠰᠢᠭᠯᠡᠨ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠪᠠᠶᠢᠭᠤᠯᠬᠤ  ᠶᠢ ᠵᠣᠷᠢᠭᠵᠢᠭᠤᠯᠵᠤ᠂ ᠢᠳᠡᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠢᠳᠡᠰᠢᠨ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠰᠬᠤᠨ ᠤ ᠳᠣᠲᠣᠷᠠᠬᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠤᠨ ᠣᠷᠭᠠᠨᠢᠭ ᠳᠠᠷᠤᠰᠢᠨ ᠪᠣᠷᠳᠤᠭ᠎ᠠ ᠳᠠᠷᠢᠬᠤ ᠶᠢ ᠳᠠᠶᠢᠴᠢᠯᠠᠵᠤ᠂ ᠠᠵᠤ ᠦᠢᠯᠡᠰ ᠤᠨ ᠬᠥᠭᠵᠢᠯᠲᠡ ᠨᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠵᠠᠷᠤᠳᠠᠯ ᠤᠨ ᠥᠷᠲᠡᠭ ᠤᠨ ᠨᠡᠮᠡᠭᠳᠡᠯ ᠢ ᠳᠠᠶᠢᠴᠢᠯᠠᠵᠤ᠂ ᠭᠤᠴᠢᠨ ᠨᠢᠭᠡᠳᠦᠭᠡᠷ ᠨᠣᠮᠧᠷᠲᠤ ᠲᠣᠰᠬᠤᠨ ᠪᠠ ᠱᠠ ᠸᠠᠨ ᠲᠣᠰᠬᠤᠨ ᠤ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠵᠠᠷᠤᠳᠠᠯ ᠨᠢᠭᠡᠨᠲᠡ 550 ᠲᠥᠭᠦᠷᠢᠭ ᠪᠠᠶᠢᠭᠰᠠᠨ ᠠᠴᠠ ᠪᠠᠨ 750 ᠲᠥᠭᠦᠷᠢᠭ ᠪᠣᠯᠵᠤ ᠨᠡᠮᠡᠭᠳᠡᠭᠡᠳ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠬᠦᠷᠲᠡᠭᠡᠪᠡ᠃      ᠤᠯᠢᠶᠠᠰᠤᠲᠠᠢ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠭᠤᠷᠢᠯᠠᠵᠤ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠪᠠ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠬᠤ ᠪᠠᠷ ᠬᠦᠴᠦᠯᠡᠨ ᠴᠢᠷᠮᠠᠶᠢᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1