ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/14
            ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃                            ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ                            ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶           ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ           ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ  ᠨᠡᠶᠢᠭᠡᠮ ᠨᠡᠶᠢᠲᠡ ᠶᠢᠨ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠪᠠ ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠵᠡᠩᠨᠡᠯᠲᠡ ᠶᠢᠨ ᠠᠶᠤᠯᠭᠦᠢ ᠪᠠ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠨᠠᠷᠢᠨ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ︵ᠳᠣᠷᠣᠭᠰᠢ ︽ᠰᠦᠯᠵᠢᠶᠡᠨ ᠳᠡᠭᠡᠷ᠎ᠡ ᠪᠣᠯᠵᠣᠬᠤ ᠲᠡᠷᠭᠡ︾ ᠭᠡᠵᠦ ᠲᠣᠪᠴᠢᠯᠠᠨ᠎ᠠ︶ ᠶᠢᠨ ᠡᠵᠡᠩᠨᠡᠯᠲᠡ ᠦᠢᠯᠡᠴᠢᠯᠡᠭᠡ᠂ ᠬᠠᠮᠢᠶᠠᠷᠤᠯᠲᠠ ᠵᠢᠴᠢ ᠪᠤᠰᠤᠳ ᠬᠠᠮᠢᠶ᠎ᠠ ᠪᠦᠬᠦᠢ ᠠᠵᠢᠯᠯᠠᠭ᠎ᠠ ᠳᠤ ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠵᠢᠷᠤᠮᠯᠠᠬᠤ ᠬᠡᠷᠡᠭᠲᠡᠢ᠃      ᠭᠤᠷᠪᠠᠳᠤᠭᠠᠷ ᠵᠦᠢᠯ  ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠴᠢᠨᠠᠷ ᠰᠠᠶᠢᠲᠠᠢ ᠦᠢᠯᠡᠴᠢᠯᠡᠨ᠂ ᠵᠥᠷᠢᠶᠡᠨ ᠲᠠᠢ ᠡᠵᠡᠩᠨᠡᠬᠦ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ ᠲᠣᠰ ᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠡᠷᠭᠡᠨ ᠤ ᠲᠡᠭᠡᠭᠡᠪᠦᠷᠢ ᠶᠢᠨ ᠦᠨ᠎ᠡ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ᠂ ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠦᠨ᠎ᠡ᠃     ᠳᠥᠷᠪᠡᠳᠦᠭᠡᠷ ᠵᠦᠢᠯ  ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ︽ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠨᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ᠲᠠᠪᠤᠳᠤᠭᠠᠷ ᠵᠦᠢᠯ  ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ᠂ ᠭᠠᠶᠢᠯᠢ ᠶᠢᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠬᠢᠨᠠᠯᠲᠠ ᠬᠠᠮᠢᠶᠠᠷᠤᠯᠲᠠ ᠶᠢᠨ ᠣᠨᠣᠯᠵᠢᠬᠤᠨ ᠪᠠ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠵᠠᠷᠴᠢᠮ ᠢ ᠵᠢᠷᠤᠮᠯᠠᠨ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠳᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠬᠢᠨ᠎ᠡ᠃      ᠬᠤᠶᠠᠳᠤᠭᠠᠷ ᠪᠦᠯᠦᠭ  ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ      ᠵᠢᠷᠭᠤᠳᠤᠭᠠᠷ ᠵᠦᠢᠯ  ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠪᠠᠷ ᠭᠤᠶᠤᠴᠢᠯᠠᠬᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠷᠢᠳᠦᠭᠦᠯᠦᠭᠰᠡᠨ ᠮᠥᠷᠲᠡᠭᠡᠨ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠬᠡᠷᠡᠭᠲᠡᠢ︔      ︵ᠬᠤᠶᠠᠷ︶ ᠲᠤᠰ ᠬᠤᠳᠠ ᠳᠤ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠬᠡᠷᠡᠭᠲᠡᠢ︔      ︵ᠭᠤᠷᠪᠠ︶ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠰᠦᠯᠵᠢᠶᠡᠨ ᠤ ᠦᠢᠯᠡᠴᠢᠯᠡᠭᠡᠨ ᠤ ᠲᠠᠪᠴᠠᠩ ᠪᠠ ᠥᠷᠨᠢᠭᠦᠯᠬᠦ ᠪᠠᠷ ᠪᠠᠶᠢᠭ᠎ᠠ ᠲᠤᠬᠠᠶᠢᠯᠠᠭᠰᠠᠨ ᠠᠵᠢᠯ ᠯᠤᠭ᠎ᠠ ᠵᠣᠬᠢᠴᠠᠯᠳᠤᠭᠰᠠᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠰᠣᠯᠢᠯᠴᠠᠭ᠎ᠠ ᠵᠢᠴᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠲᠠᠲᠠᠵᠤ ᠯᠠᠪᠯᠠᠬᠤ ᠬᠠᠮᠢᠶ᠎ᠠ ᠪᠦᠬᠦᠢ ᠰᠦᠯᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠩᠭᠠᠬᠤ ᠨᠥᠬᠦᠴᠡᠯ ᠢ ᠪᠦᠷᠢᠳᠦᠭᠦᠯᠵᠦ᠂ ᠲᠠᠪᠴᠠᠩ ᠤᠨ ᠦᠢᠯᠡᠴᠢᠯᠡᠭᠦᠷ ᠢ ᠳᠤᠮᠳᠠᠳᠤ ᠤᠯᠤᠰ ᠤᠨ ᠳᠣᠲᠣᠷ ᠭᠠᠵᠠᠷ ᠲᠤ ᠪᠠᠶᠢᠷᠢᠯᠠᠭᠤᠯᠵᠤ᠂ ᠲᠣᠭᠲᠠᠭᠠᠯ ᠳᠤ ᠨᠡᠶᠢᠴᠡᠭᠰᠡᠨ ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ︔      ︵ᠳᠥᠷᠪᠡ︶ ᠡᠯᠧᠺᠲᠷᠣᠨ ᠲᠥᠯᠥᠪᠦᠷᠢ ᠶᠢ ᠬᠡᠷᠡᠭᠯᠡᠬᠦ ᠳᠤ ᠬᠦᠷᠪᠡᠯ᠂ ᠪᠠᠩᠬᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠲᠠᠢ ᠲᠥᠯᠥᠪᠦᠷᠢ ᠶᠢᠨ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠬᠡᠯᠡᠯᠴᠡᠭᠡᠷ ᠲᠣᠭᠲᠠᠭᠰᠠᠨ ᠪᠠᠶᠢᠬᠤ ᠬᠡᠷᠡᠭᠲᠡᠢ︔      ︵ᠲᠠᠪᠤ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠵᠡᠷᠭᠡ ᠳᠦᠷᠢᠮ ᠲᠠᠢ ᠪᠠᠶᠢᠬᠤ ᠬᠡᠷᠡᠭᠲᠡᠢ︔      ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠳᠤ ᠲᠣᠭᠲᠠᠭᠠᠭᠰᠠᠨ ᠪᠤᠰᠤᠳ ᠨᠥᠬᠦᠴᠡᠯ ᠤᠳ      ᠭᠠᠳᠠᠭᠠᠳᠤ ᠶᠢᠨ ᠬᠤᠳᠠᠯᠳᠤᠭᠠᠴᠢᠨ ᠪᠡᠯᠡ ᠣᠷᠣᠭᠤᠯᠵᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ᠳᠣᠯᠣᠳᠤᠭᠠᠷ ᠵᠦᠢᠯ  ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠬᠢᠬᠦ ᠪᠠᠷ ᠭᠤᠶᠤᠴᠢᠯᠠᠬᠤ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄      ︵ᠨᠢᠭᠡ︶ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠭᠤᠶᠤᠴᠢᠯᠠᠯ ᠤᠨ ᠬᠦᠰᠦᠨᠦᠭᠲᠦ︔      ︵ᠬᠤᠶᠠᠷ︶ ᠪᠡᠯᠡ ᠣᠷᠣᠭᠤᠯᠤᠭᠴᠢ᠂ ᠬᠠᠷᠢᠭᠤᠴᠠᠯᠭᠠᠲᠠᠨ ᠤ ᠪᠡᠶ᠎ᠡ ᠶᠢᠨ ᠭᠠᠷᠤᠯ᠂ ᠬᠥᠷᠥᠩᠭᠡ ᠢᠲᠡᠭᠡᠮᠵᠢ ᠶᠢᠨ ᠭᠡᠷᠡᠴᠢ ᠵᠢᠴᠢ ᠲᠡᠭᠦᠨ ᠤ ᠬᠠᠭᠤᠯᠪᠤᠷᠢ᠂ ᠭᠠᠷᠳᠠᠨ ᠭᠦᠢᠴᠡᠳᠭᠡᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠵᠢᠴᠢ ᠲᠡᠭᠦᠨ ᠤ ᠬᠠᠭᠤᠯᠪᠤᠷᠢ ᠪᠠ ᠨᠠᠶᠢᠳᠠᠯᠭ᠎ᠠ ᠶᠢᠨ ᠪᠢᠴᠢᠭ︔      ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠪᠠᠲᠤᠯᠠᠪᠤᠷᠢ᠂ ᠰᠠᠯᠪᠤᠷᠢ ᠪᠠᠶᠢᠭᠤᠯᠤᠮᠵᠢ ᠳᠤ ᠬᠠᠷᠢᠶᠠᠯᠠᠭᠳᠠᠬᠤ ᠳᠤ ᠬᠦᠷᠪᠡᠯ ᠪᠠᠰᠠ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠪᠠᠲᠤᠯᠠᠪᠤᠷᠢ ᠶᠢ ᠲᠤᠰᠢᠶᠠᠬᠤ ᠬᠡᠷᠡᠭᠲᠡᠢ︔      ︵ᠳᠥᠷᠪᠡ︶ ᠡᠵᠡᠩᠨᠡᠯᠲᠡ ᠦᠢᠯᠡᠴᠢᠯᠡᠭᠡᠨ ᠤ ᠬᠡᠪᠴᠢᠶ᠎ᠡ ᠲᠠᠢ ᠪᠠᠨ ᠵᠣᠬᠢᠴᠠᠭᠰᠠᠨ ᠠᠵᠢᠯᠯᠠᠬᠤ ᠭᠠᠵᠠᠷ᠂ ᠬᠠᠷᠢᠭᠤᠴᠠᠯᠭᠠᠲᠠᠳ᠂ ᠬᠠᠮᠢᠶᠠᠷᠤᠯᠲᠠ ᠶᠢᠨ ᠠᠵᠢᠯᠲᠠᠳ ︵ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ︶ ᠵᠡᠷᠭᠡ ᠮᠠᠲ᠋ᠧᠷᠢᠶᠠᠯ︔      ︵ᠲᠠᠪᠤ︶ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠴᠢᠮᠡᠭᠡ ᠬᠤᠯᠪᠣᠭ᠎ᠠ᠂ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠲᠡᠭᠦᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ︔      ︵ᠵᠢᠷᠭᠤᠭ᠎ᠠ︶ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ᠂ ᠵᠢᠷᠤᠮ ᠲᠠᠢ ᠡᠵᠡᠩᠨᠡᠬᠦ ᠠᠮᠠᠯᠠᠯᠲᠠ᠂ ᠠᠮᠤᠷ ᠢ ᠬᠠᠮᠠᠭᠠᠯᠠᠬᠤ ᠰᠡᠷᠭᠡᠶᠢᠯᠡᠯᠲᠡ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠳᠦᠷᠢᠮ ᠤᠨ ᠪᠢᠴᠢᠭ︔      ︵ᠲᠤᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠩᠭᠠᠬᠤ ᠶᠢ ᠱᠠᠭᠠᠷᠳᠠᠭᠰᠠᠨ ᠪᠤᠰᠤᠳ ᠮᠠᠲ᠋ᠧᠷᠢᠶᠠᠯ᠃      ᠨᠠᠢᠮᠠᠳᠤᠭᠠᠷ ᠵᠦᠢᠯ  ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠭᠤᠶᠤᠴᠢᠯᠠᠯ ᠳᠠᠬᠢ ᠬᠤᠯᠪᠣᠭᠳᠠᠯ ᠪᠦᠬᠦᠢ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠦᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠰᠢᠢᠳᠪᠦᠷᠢ ᠭᠠᠷᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠰᠢᠢᠳᠪᠦᠷᠢ ᠭᠠᠷᠭᠠᠭᠰᠠᠨ ᠪᠣᠯ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ᠂ ᠡᠵᠡᠩᠨᠡᠯᠲᠡ ᠶᠢᠨ ᠣᠷᠣᠨ ᠪᠦᠰᠡ ᠶᠢ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ᠂ ᠡᠵᠡᠩᠨᠡᠯᠲᠡ ᠶᠢᠨ ᠬᠤᠭᠤᠴᠠᠭ᠎ᠠ ᠶᠢ 4 ᠵᠢᠯ ᠭᠡᠬᠦ ᠵᠡᠷᠭᠡ ᠪᠠᠷ ᠲᠣᠳᠣᠷᠬᠠᠶᠢᠯᠠᠬᠤ ᠶᠢᠨ ᠬᠠᠮᠲᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠪᠣᠯ᠂ ᠭᠤᠶᠤᠴᠢᠯᠠᠭᠴᠢ ᠳᠤ ︽ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠰᠢᠢᠳᠪᠦᠷᠢ ᠶᠢᠨ ᠪᠢᠴᠢᠭ︾ ᠭᠠᠷᠭᠠᠵᠤ ᠥᠭᠭᠦᠨ᠎ᠡ᠃      ᠶᠢᠰᠦᠳᠦᠭᠡᠷ ᠵᠦᠢᠯ  ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠤ ᠳᠠᠷᠠᠭ᠎ᠠ᠂ ᠰᠠᠶ᠋ᠢ ᠲᠣᠰ ᠬᠤᠲᠠ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃      ᠠᠷᠪᠠᠳᠤᠭᠠᠷ ᠵᠦᠢᠯ  ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠡᠵᠡᠩᠨᠡᠯᠲᠡ ᠪᠠᠨ ᠲᠦᠷ ᠵᠣᠭᠰᠤᠭᠠᠬᠤ ᠪᠤᠶᠤ ᠨᠢᠭᠡᠮᠦᠰᠦᠨ ᠵᠣᠭᠰᠤᠭᠠᠬᠤ ᠳᠤ ᠬᠦᠷᠪᠡᠯ᠂ 30 ᠡᠳᠦᠷ ᠤᠨ ᠡᠮᠦᠨ᠎ᠡ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠵᠦ᠂ ᠬᠤᠯᠪᠣᠭᠳᠠᠯ ᠪᠦᠬᠦᠢ ᠪᠠᠶᠢᠳᠠᠯ ᠢᠶᠠᠨ ᠲᠣᠳᠣᠷᠬᠠᠶᠢᠯᠠᠨ᠂ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠶᠢᠨ ᠥᠮᠴᠢᠯᠡᠭᠴᠢ ᠪᠣᠯᠣᠨ ᠵᠢᠯᠣᠭᠤᠴᠢ ᠳᠤ ᠮᠡᠳᠡᠭᠳᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠡᠵᠡᠩᠨᠡᠯᠲᠡ ᠪᠠᠨ ᠵᠣᠭᠰᠣᠭᠠᠭᠰᠠᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢᠶᠠᠨ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠪᠤᠴᠠᠭᠠᠬᠤ ᠬᠡᠷᠡᠭᠲᠡᠢ᠃      ᠡᠵᠡᠩᠨᠡᠯᠲᠡ ᠶᠢᠨ ᠬᠤᠭᠤᠴᠠᠭ᠎ᠠ ᠳᠦᠭᠦᠷᠬᠦ ᠠᠴᠠ 30 ᠡᠳᠦᠷ ᠤᠨ ᠡᠮᠦᠨ᠎ᠡ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠦᠷᠭᠦᠯᠵᠢᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠦᠷᠭᠦᠯᠵᠢᠯᠡᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃      ᠭᠤᠷᠪᠠᠳᠤᠭᠠᠷ ᠪᠦᠯᠦᠭ ᠰᠦᠯᠵᠢᠶᠡᠨ ᠳᠡᠭᠡᠷ᠎ᠡ ᠪᠣᠯᠵᠣᠬᠤ ᠲᠡᠷᠭᠡ ᠪᠠ ᠵᠢᠯᠣᠭᠤᠴᠢ      ᠠᠷᠪᠠᠨ ᠨᠢᠭᠡᠳᠦᠭᠡᠷ ᠵᠦᠢᠯ  ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠲᠡᠷᠭᠡ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠮᠠᠰᠢᠨ ᠲᠡᠷᠭᠡ ᠨᠢ ᠲᠣᠰ ᠬᠤᠲᠠ ᠶᠢᠨ ᠲᠡᠷᠭᠡᠨ ᠫᠠᠶᠢᠰᠠ ᠲᠠᠢ ᠪᠠᠶᠢᠬᠤ ᠬᠡᠷᠡᠭᠲᠡᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨ ᠲᠡᠷᠭᠡ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠪᠣᠯᠵᠣᠵᠤ ᠲᠦᠷᠢᠶᠡᠰᠦᠯᠡᠭᠦᠯᠬᠦ ᠠᠶᠠᠨᠴᠢᠳ ᠤᠨ ᠲᠡᠭᠡᠭᠡᠪᠦᠷᠢ ᠪᠠᠷ ᠲᠡᠮᠳᠡᠭᠯᠡᠭᠰᠡᠨ ᠪᠠᠶᠢᠬᠤ ᠬᠡᠷᠡᠭᠲᠡᠢ︔      ︵ᠬᠤᠶᠠᠷ︶ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠰᠠᠭᠤᠳᠠᠯ ᠲᠠᠢ ᠮᠠᠰᠢᠨ ᠲᠡᠷᠭᠡ᠂ ᠮᠠᠰᠢᠨ ᠲᠡᠷᠭᠡ ᠶᠢᠨ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠨᠢ 3 ᠵᠢᠯ ᠠᠴᠠ ᠬᠡᠲᠦᠷᠡᠭᠰᠡᠨ ᠦᠭᠡᠢ ᠪᠠᠶᠢᠬᠤ ᠬᠡᠷᠡᠭᠲᠡᠢ︔      ︵ᠭᠤᠷᠪᠠ︶ ᠲᠣᠭᠲᠠᠮᠠᠯ ᠪᠥᠭᠡᠳ ᠤᠯᠤᠰ᠂ ᠥᠪᠡᠷᠲᠡᠭᠡᠨ ᠵᠠᠰᠠᠬᠤ ᠣᠷᠣᠨ᠂ ᠲᠤᠰ ᠬᠤᠳᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ᠂ ᠠᠶᠠᠯᠠᠯ ᠢ ᠲᠡᠮᠳᠡᠭᠯᠡᠬᠦ ᠴᠢᠳᠠᠪᠤᠷᠢ ᠲᠠᠢ ᠮᠠᠰᠢᠨ ᠲᠡᠷᠭᠡᠨ ᠤ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠪᠠᠴᠢᠮ ᠪᠠᠶᠢᠳᠠᠯ ᠳᠤ ᠬᠡᠷᠡᠭ ᠮᠡᠳᠡᠭᠦᠯᠬᠦ ᠲᠣᠨᠣᠭᠯᠠᠯ ᠤᠭᠰᠠᠷᠠᠭᠰᠠᠨ ᠪᠠᠶᠢᠬᠤ ᠬᠡᠷᠡᠭᠲᠡᠢ︔      ︵ᠳᠥᠷᠪᠡ︶ ᠮᠠᠰᠢᠨ ᠲᠡᠷᠭᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠡᠭᠡᠭᠡᠪᠦᠷᠢ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠠᠶᠤᠯᠭᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠨᠠᠷᠲᠠᠢ ᠰᠢᠨᠵᠢ ᠴᠢᠳᠠᠪᠤᠷᠢ ᠶᠢᠨ ᠦᠨᠡᠯᠡᠯᠲᠡ ᠨᠢ ᠬᠤᠶᠠᠳᠤᠭᠠᠷ ᠳᠡᠰ ᠠᠴᠠ ᠳᠡᠭᠡᠭᠰᠢ ᠪᠠᠶᠢᠬᠤ ᠬᠡᠷᠡᠭᠲᠡᠢ︔      ︵ᠲᠠᠪᠤ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠩᠭᠡᠯᠢᠭ ᠤᠨ ᠵᠠᠢ ᠨᠢ 2700 ᠮᠢᠯᠢᠮᠧᠲᠷ ᠠᠴᠠ ᠶᠡᠭᠡ ᠂ ᠦᠷᠭᠦᠯᠵᠢᠯᠡᠨ ᠠᠶᠠᠯᠠᠬᠤ ᠵᠠᠮ ᠤᠨ ᠣᠷᠳᠣ ᠨᠢ 400 ᠺᠢᠯᠣᠮᠧᠲᠷ ᠠᠴᠠ ᠬᠤᠯᠠ ᠪᠥᠭᠡᠳ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠠᠷᠴᠠᠭ ᠲᠤ ᠣᠷᠣᠭᠰᠠᠨ ᠪᠠᠶᠢᠬᠤ︔ ᠪᠤᠰᠤᠳ ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢᠨ ᠭᠠᠶᠢᠯᠢ ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ 12 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ᠂ 7 ᠰᠠᠭᠤᠳᠠᠯ ᠲᠠᠢ ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢᠨ ᠭᠠᠶᠢᠯᠢ ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ 18 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ︔      ︵ᠵᠢᠷᠭᠤᠭ᠎ᠠ︶ ᠮᠠᠰᠢᠨ ᠲᠡᠷᠭᠡ ᠨᠢ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠠᠶᠠᠨᠴᠢᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠳᠠᠭᠠᠳᠬᠠᠯ ᠠᠪᠤᠭᠰᠠᠨ ᠪᠠᠶᠢᠬᠤ ᠬᠡᠷᠡᠭᠲᠡᠢ︔      ︵ᠲᠤᠯᠤᠭ᠎ᠠ︶ ᠳᠤᠰ ᠬᠤᠳᠠ ᠶᠢᠨ ᠱᠠᠭᠠᠷᠳᠠᠭᠰᠠᠨ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ︔      ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃      ᠠᠷᠪᠠᠨ ᠬᠤᠶᠠᠳᠤᠭᠠᠷ ᠵᠦᠢᠯ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠭᠤᠶᠤᠴᠢᠯᠠᠬᠤ ᠳᠤ᠂ ᠲᠣᠰ ᠬᠤᠲᠠ ᠳᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠮᠠᠰᠢᠨ ᠲᠡᠷᠭᠡ ᠶᠢᠨ ᠥᠮᠴᠢᠯᠡᠭᠴᠢ ᠶᠢᠨ ᠨᠠᠶᠢᠳᠠᠯᠭ᠎ᠠ ᠶᠢᠨ ᠪᠢᠴᠢᠭ ᠪᠤᠶᠤ ᠬᠠᠮᠲᠤᠷᠠᠯᠴᠠᠬᠤ ᠰᠠᠨᠠᠮᠵᠢ ᠶᠢᠨ ᠪᠢᠴᠢᠭ ᠢ ᠠᠪᠴᠤ ᠭᠦᠢᠴᠡᠳᠬᠡᠨ᠎ᠡ︔ ᠡᠰᠡᠬᠦᠯ᠎ᠡ ᠲᠡᠷᠭᠡᠨ ᠤ ᠡᠵᠡᠨ ᠥᠪᠡᠷ ᠢᠶᠠᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠲᠠᠪᠴᠠᠩ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠰᠠᠨᠠᠮᠵᠢ ᠶᠢᠨ ᠪᠢᠴᠢᠭ ᠢᠶᠠᠨ ᠠᠪᠴᠤ ᠥᠪᠡᠷ ᠢᠶᠠᠨ ᠭᠦᠢᠴᠡᠳᠬᠡᠨ᠎ᠡ᠃ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠮᠠᠰᠢᠨ ᠲᠡᠷᠭᠡ ᠳᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠣᠯᠭᠤᠨ᠎ᠠ᠃      ᠠᠷᠪᠠᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠠᠶᠠᠯᠠᠭᠰᠠᠨ ᠵᠠᠮ ᠤᠨ ᠣᠷᠳᠣ  ᠨᠢ 60 ᠲᠦᠮᠡᠨ ᠺᠢᠯᠣᠮᠧᠲᠷ ᠬᠦᠷᠬᠦ ᠦᠶ᠎ᠡ ᠳᠤ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠨ᠎ᠠ᠃ ᠠᠶᠠᠯᠠᠭᠰᠠᠨ ᠵᠠᠮ ᠤᠨ ᠣᠷᠳᠣ ᠨᠢ 60 ᠲᠦᠮᠡᠨ ᠺᠢᠯᠣᠮᠧᠲᠷ ᠭᠦᠷᠦᠭᠰᠡᠨ ᠦᠭᠡᠢ ᠪᠣᠯᠪᠠᠴᠤ ᠬᠡᠷᠡᠭᠯᠡᠭᠰᠡᠨ ᠵᠢᠯ ᠬᠤᠭᠤᠴᠠᠭ᠎ᠠ ᠨᠢ 8 ᠵᠢᠯ ᠪᠣᠯᠬᠤ ᠦᠶ᠎ᠡ ᠳᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠪᠤᠴᠠᠭᠠᠨ ᠭᠠᠷᠭᠠᠨ᠎ᠠ᠃      ᠵᠢᠵᠢᠭ ᠪᠢᠴᠢᠯ ᠬᠡᠯᠪᠡᠷᠢ ᠶᠢᠨ ᠡᠵᠡᠩᠨᠡᠯᠲᠡ ᠶᠢᠨ ᠪᠤᠰᠤ ᠠᠶᠠᠨᠴᠢᠳ ᠤᠨ ᠮᠠᠰᠢᠨ ᠲᠡᠷᠭᠡ ᠶᠢ ᠤᠷᠢᠳᠴᠢᠯᠠᠨ ᠪᠣᠯᠵᠣᠬᠤ ᠲᠦᠷᠢᠶᠡᠰᠦᠨ ᠤ ᠠᠶᠠᠨᠴᠢᠳ ᠤᠨ ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠣᠰᠣᠭᠠᠷ ᠬᠡᠷᠡᠭᠯᠡᠭᠡᠨ ᠠᠴᠠ ᠭᠠᠷᠭᠠᠨ᠎ᠠ᠃ ᠪᠤᠰᠤᠳ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢ ᠤᠷᠢᠳᠴᠢᠯᠠᠨ ᠪᠣᠯᠵᠣᠬᠤ ᠲᠦᠷᠢᠶᠡᠰᠦᠨ ᠤ ᠠᠶᠠᠨᠴᠢᠳ ᠤᠨ ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠲᠣᠰ ᠲᠥᠷᠥᠯ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠤᠷᠢᠳᠠᠪᠠᠷ ᠭᠦᠷᠦᠭᠰᠡᠨ ᠪᠠᠷᠢᠮᠵᠢᠶ᠎ᠠ ᠪᠠᠷ ᠬᠡᠷᠡᠭᠯᠡᠭᠡᠨ ᠠᠴᠠ ᠭᠠᠷᠭᠠᠨ᠎ᠠ᠃      ᠠᠷᠪᠠᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠲᠡᠭᠦᠨ ᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠭᠠᠷᠤᠭᠰᠠᠨ ᠪᠤᠶᠤ ᠬᠦᠴᠦᠨ ᠲᠠᠢ ᠬᠤᠭᠤᠴᠠᠭ᠎ᠠ ᠳᠦᠭᠦᠷᠦᠭᠡᠳ ᠦᠷᠭᠦᠯᠵᠢᠯᠡᠭᠦᠯᠵᠦ ᠳᠡᠶᠢᠯᠦᠭᠰᠡᠨ ᠦᠭᠡᠢ ᠪᠤᠶᠤ ᠠᠶᠠᠯᠠᠭᠰᠠᠨ ᠵᠠᠮ ᠤᠨ ᠣᠷᠳᠣ ᠨᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠨᠥᠬᠦᠴᠡᠯ ᠳᠤ ᠬᠦᠷᠦᠭᠰᠡᠨ ᠪᠠᠶᠢᠪᠠᠯ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠦᠭᠡᠢ ᠪᠣᠯᠭᠠᠨ᠎ᠠ᠃       ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠬᠤᠯᠪᠣᠭᠳᠠᠯ ᠪᠦᠬᠦᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠪᠤᠴᠠᠭᠠᠨ ᠭᠠᠷᠭᠠᠨ᠎ᠠ᠃      ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠭᠠᠷᠤᠭᠰᠠᠨ ᠪᠠᠶᠢᠪᠠᠯ᠂ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠦᠭᠡᠢ ᠪᠣᠯᠭᠠᠭᠰᠠᠨ ᠭᠡᠷᠡᠴᠢ ᠪᠠᠨ ᠠᠪᠴᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠡᠷᠡᠭᠯᠡᠭᠡᠨ ᠤ ᠰᠢᠨᠵᠢ ᠴᠢᠨᠠᠷ ᠤᠨ ᠬᠤᠪᠢᠷᠠᠯᠲᠠ ᠶᠢᠨ ᠳᠠᠩᠰᠠᠯᠠᠯᠲᠠ ᠬᠢᠯᠭᠡᠨ᠎ᠡ᠃      ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ᠬᠦᠴᠦᠨ ᠪᠦᠬᠦᠢ ︽ᠣᠷᠣᠰᠢᠨ ᠰᠠᠭᠤᠬᠤ ᠦᠨᠡᠮᠯᠡᠯ︾ ᠲᠠᠢ ᠪᠠᠶᠢᠬᠤ ᠬᠡᠷᠡᠭᠲᠡᠢ︔      ︵ᠬᠤᠶᠠᠷ︶ ᠬᠠᠷᠠᠭᠠᠯᠵᠠᠭᠰᠠᠨ ᠵᠢᠯᠤᠭᠤᠳᠴᠤ ᠪᠣᠯᠬᠤ ᠬᠡᠯᠪᠡᠷᠢ ᠶᠢᠨ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢ ᠣᠯᠣᠭᠰᠠᠨ ᠪᠥᠭᠡᠳ 3 ᠵᠢᠯ ᠠᠴᠠ ᠳᠡᠭᠡᠭᠰᠢ ᠲᠡᠷᠭᠡ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ ᠬᠡᠷᠡᠭᠲᠡᠢ︔      ︵ᠭᠤᠷᠪᠠ︶ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠯ᠎ᠠ᠂ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯ᠎ᠠ ᠶᠢᠨ ᠲᠡᠮᠳᠡᠭᠯᠡᠯ ᠦᠭᠡᠢ᠂ ᠬᠤᠣᠷ ᠲᠠᠲᠠᠭᠰᠠᠨ ᠲᠡᠮᠳᠡᠭᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠲᠡᠮᠳᠡᠭᠯᠡᠯ ᠦᠭᠡᠢ᠂ ᠣᠶᠢᠷ᠎ᠠ ᠳᠤ ᠵᠠᠯᠭᠠᠭ᠎ᠠ ᠪᠠᠷ 3 ᠬᠤᠪᠢ ᠲᠡᠮᠳᠡᠭᠯᠡᠬᠦ ᠦᠶᠡᠯᠡᠯ ᠤᠨ ᠬᠤᠭᠤᠴᠠᠭᠠᠨ ᠳᠤ 12 ᠬᠤᠪᠢ ᠶᠢᠨ ᠲᠡᠮᠳᠡᠭᠯᠡᠯ ᠢ ᠳᠦᠭᠦᠷᠲᠡᠯ᠎ᠡ ᠲᠡᠮᠳᠡᠭᠯᠡᠭᠦᠯᠦᠭᠰᠡᠨ ᠦᠭᠡᠢ ᠪᠠᠶᠢᠬᠤ ᠬᠡᠷᠡᠭᠲᠡᠢ︔      ︵ᠳᠥᠷᠪᠡ︶ ᠬᠦᠴᠦᠷᠬᠡᠭᠯᠡᠯ ᠤᠨ ᠶᠠᠯ᠎ᠠ ᠬᠢᠭᠰᠡᠨ ᠲᠡᠮᠳᠡᠭᠯᠡᠯ ᠦᠭᠡᠢ ᠪᠠᠶᠢᠬᠤ ᠬᠡᠷᠡᠭᠲᠡᠢ︔      ︵ᠲᠠᠪᠤ︶ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠵᠤ᠂ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ᠣᠯᠣᠭᠰᠠᠨ ᠪᠠᠶᠢᠪᠠᠯ᠂ ᠨᠠᠰᠤ ᠵᠢᠯ ᠤᠨ ᠨᠥᠬᠦᠴᠡᠯ ᠢ ︽ᠬᠥᠬᠡᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ︔      ︵ᠵᠢᠷᠭᠤᠭ᠎ᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠭᠰᠠᠨ ᠲᠡᠮᠳᠡᠭᠯᠡᠯ ᠦᠭᠡᠢ ᠪᠠᠶᠢᠬᠤ ᠬᠡᠷᠡᠭᠲᠡᠢ︔      ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃      ᠠᠷᠪᠠᠨ ᠵᠢᠷᠭᠤᠳᠤᠭᠠᠷ ᠵᠦᠢᠯ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ︾ ᠢ ᠭᠤᠶᠤᠴᠢᠯᠠᠪᠠᠯ᠂ ᠲᠤᠰ ᠬᠤᠲᠠ ᠳᠤ ᠡᠵᠡᠩᠨᠡᠬᠦ ᠪᠠᠷ ᠨᠢᠭᠡᠨᠲᠡ ᠵᠥᠪᠰᠢᠶᠡᠷᠡᠭᠰᠡᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠡᠷᠡᠴᠢ ᠮᠠᠲ᠋ᠧᠷᠢᠶᠠᠯ ᠵᠢᠴᠢ ᠵᠢᠯᠣᠭᠤᠴᠢ ᠶᠢᠨ ᠨᠠᠶᠢᠳᠠᠯᠭ᠎ᠠ ᠶᠢᠨ ᠪᠢᠴᠢᠭ ᠪᠤᠶᠤ ᠬᠠᠮᠲᠤᠷᠠᠯᠴᠠᠬᠤ ᠰᠠᠨᠠᠮᠵᠢ ᠶᠢᠨ ᠪᠢᠴᠢᠭ ᠢ ᠠᠪᠴᠤ ᠭᠦᠢᠴᠡᠳᠬᠡᠨ᠎ᠡ᠂ ᠡᠰᠡᠬᠦᠯ᠎ᠡ ᠵᠢᠯᠣᠭᠤᠴᠢ ᠥᠪᠡᠷ ᠢᠶᠠᠨ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠢ ᠠᠪᠴᠤ ᠥᠪᠡᠷ ᠢᠶᠠᠨ ᠭᠦᠢᠴᠡᠳᠬᠡᠵᠦ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠮᠥᠷᠲᠡᠭᠡᠨ ᠠᠵᠢᠯ ᠡᠷᠭᠢᠯᠡᠬᠦ ᠬᠢᠷᠢ ᠬᠡᠮ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠣᠯᠭᠤᠨ᠎ᠠ᠃      ᠳᠥᠷᠪᠡᠳᠦᠭᠡᠷ ᠪᠦᠯᠦᠭ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ ᠦᠶᠯᠡ ᠠᠵᠢᠯᠯᠠᠭ᠎ᠠ      ᠠᠷᠪᠠᠨ ᠳᠣᠯᠣᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠡᠭᠡᠨ ᠡᠵᠡᠩᠨᠡᠯᠲᠡ ᠶᠢᠨ ᠠᠶᠤᠯᠭᠦᠢ ᠶᠢ ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠶᠠᠪᠤᠴᠠ ᠳᠤ ᠭᠠᠷᠤᠭᠰᠠᠨ ᠠᠶᠤᠯᠭᠦᠢ ᠶᠢᠨ ᠬᠠᠷᠢᠭᠤᠴᠠᠯᠭ᠎ᠠ ᠶᠢᠨ ᠠᠳᠡᠯ ᠵᠡᠷᠭᠡ ᠳᠤ ᠤᠷᠢᠳᠠᠪᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠶᠠᠮᠠᠷᠪᠠ ᠬᠡᠯᠪᠡᠷᠢ ᠪᠠᠷ ᠠᠶᠠᠨᠴᠢᠳ ᠵᠢᠴᠢ ᠵᠢᠯᠣᠭᠤᠴᠢ ᠳᠤ ᠦᠢᠯᠡᠴᠢᠯᠡᠭᠡᠨ ᠤ ᠲᠦᠭᠰᠢᠭᠦᠷᠢ ᠶᠢ ᠰᠢᠯᠵᠢᠭᠦᠯᠦᠨ ᠥᠭᠴᠦ ᠪᠣᠯᠬᠤ ᠦᠭᠡᠢ᠃      ᠠᠷᠪᠠᠨ ᠨᠠᠢᠮᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠮᠠᠰᠢᠨ ᠲᠡᠷᠭᠡ ᠶᠢᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠮᠠᠰᠢᠨ ᠲᠡᠷᠭᠡ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠮᠠᠰᠢᠨ ᠲᠡᠷᠭᠡ ᠶᠢᠨ ᠮᠡᠷᠭᠡᠵᠢᠯ ᠤᠨ ᠪᠠᠶᠢᠳᠠᠯ ᠨᠢ ᠰᠠᠶᠢᠨ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ      ᠠᠷᠪᠠ ᠶᠢᠰᠦᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠭᠡ ᠬᠠᠩᠭᠠᠬᠤ ᠵᠢᠯᠣᠭᠤᠴᠢ ᠶᠢᠨ ᠠᠵᠢᠯ ᠡᠷᠭᠢᠯᠡᠬᠦ ᠬᠠᠤᠯᠢ ᠶᠣᠰᠣᠨ ᠤ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠬᠠᠮᠢᠶ᠎ᠠ ᠪᠦᠬᠦᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠴᠢ ᠶᠢᠨ ᠪᠣᠯᠪᠠᠰᠤᠷᠠᠭᠤᠯᠤᠯ ᠪᠠ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠥᠷᠥᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠬᠠᠮᠠᠭᠠᠯᠠᠬᠤ ᠬᠡᠷᠡᠭᠲᠡᠢ᠃      ᠬᠤᠷᠢᠳᠤᠭᠠᠷ ᠵᠦᠢᠯ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠳᠡᠩᠰᠡᠯᠡᠨ ᠲᠡᠮᠳᠡᠭᠯᠡᠬᠦ᠂ ᠡᠵᠡᠩᠨᠡᠬᠦ ᠪᠠ ᠠᠷᠠᠯᠵᠢᠶᠠᠯᠠᠬᠤ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠲᠠᠲᠠᠵᠤ ᠯᠠᠪᠯᠠᠬᠤ ᠦᠶ᠎ᠡ ᠳᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠠᠪᠴᠠᠩ ᠤᠨ ᠺᠣᠮᠫᠠᠨᠢ ᠪᠣᠯ ᠠᠶᠠᠨᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠪᠠ ᠦᠢᠯᠡᠴᠢᠯᠡᠭᠡᠨ ᠤ ᠠᠮᠠᠯᠠᠯᠲᠠ ᠵᠡᠷᠭᠡ ᠶᠣᠰᠣᠭᠠᠷ ᠠᠶᠠᠨᠴᠢᠳ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ ᠦᠢᠯᠡᠴᠢᠯᠡᠭᠡᠨ ᠤ ᠶᠠᠰᠤ ᠴᠢᠨᠠᠷ ᠤᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠶᠢᠨ ᠬᠦᠨᠳᠦ ᠶᠡᠭᠡ ᠠᠳᠡᠯ ᠭᠠᠷᠭᠠᠭᠰᠠᠨ᠂ ᠠᠶᠠᠨᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠦᠶᠯᠡ ᠠᠵᠢᠯᠯᠠᠭ᠎ᠠ ᠶᠢ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃      ᠬᠤᠷᠢᠨ ᠬᠤᠶᠠᠳᠤᠭᠠᠷ ᠵᠦᠢᠯ ᠨᠢᠭᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠮᠠᠨ ᠤ ᠬᠤᠳᠠ ᠳᠤ ᠵᠥᠪᠰᠢᠶᠡᠷᠡᠯ ᠣᠯᠣᠭᠰᠠᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠣᠯᠠᠨ ᠲᠠᠪᠴᠠᠩ ᠳᠤ ᠵᠠᠯᠭᠠᠨ ᠣᠷᠣᠵᠤ ᠵᠠᠬᠢᠶᠠᠯᠠᠭ᠎ᠠ ᠬᠦᠯᠢᠶᠡᠨ ᠡᠵᠡᠩᠨᠡᠵᠦ ᠪᠣᠯᠣᠨ᠎ᠠ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠥᠮᠴᠢᠯᠡᠭᠴᠢ ᠲᠡᠷᠭᠡ ᠶᠢᠨ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠨ ᠬᠤᠪᠢᠷᠠᠭᠤᠯᠵᠤ ᠪᠣᠯᠣᠨ᠎ᠠ᠂ ᠰᠦᠯᠵᠢᠶᠡᠨ ᠳᠡᠭᠡᠷ᠎ᠡ ᠪᠣᠯᠵᠣᠬᠤ ᠲᠡᠷᠭᠡᠨ ᠤ ᠵᠢᠯᠣᠭᠤᠴᠢ ᠪᠣᠯᠣᠨ ᠲᠡᠷᠭᠡ ᠶᠢ ᠲᠣᠭᠲᠠᠮᠠᠯ ᠪᠠᠶᠢᠯᠭᠠᠬᠤ ᠬᠡᠷᠡᠭᠲᠡᠢ᠂ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠥᠮᠴᠢᠯᠡᠭᠴᠢ ᠶᠢ ᠬᠤᠪᠢᠷᠠᠭᠤᠯᠵᠤ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠵᠠᠮ ᠲᠣᠭᠤᠷᠢᠬᠤ ᠲᠦᠷᠢᠶᠡᠰᠦᠨ ᠮᠠᠰᠢᠨ ᠲᠡᠷᠭᠡᠨ ᠤ ᠣᠷᠣᠢ ᠶᠢᠨ ᠳ᠋ᠧᠩ᠂ ᠦᠨ᠎ᠡ ᠪᠤᠳᠤᠬᠤ ᠮᠠᠰᠢᠨ ᠵᠡᠷᠭᠡ ᠲᠥᠬᠦᠭᠡᠷᠦᠮᠵᠢ ᠵᠢᠴᠢ ᠲᠤᠰᠬᠠᠢ ᠲᠡᠮᠳᠡᠭ ᠢ ᠬᠡᠷᠡᠭᠯᠡᠵᠦ ᠪᠣᠯᠬᠤ ᠦᠭᠡᠢ᠂ ᠵᠢᠯᠣᠭᠤᠴᠢ ᠨᠢ ᠲᠡᠷᠭᠡ ᠵᠣᠭᠰᠣᠬᠤ ᠶᠢ ᠵᠥᠪᠰᠢᠶᠡᠷᠡᠭᠰᠡᠨ ᠭᠠᠵᠠᠷ ᠲᠤ ᠵᠠᠬᠢᠶᠠᠯᠠᠭ᠎ᠠ ᠬᠦᠯᠢᠶᠡᠬᠦ ᠬᠡᠷᠡᠭᠲᠡᠢ᠂ ᠡᠬᠢᠯᠡᠯᠲᠡ ᠲᠡᠭᠦᠰᠬᠡᠯ ᠤᠨ ᠨᠢᠭᠡ ᠦᠵᠦᠭᠦᠷ ᠨᠢ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ ᠲᠣᠭᠤᠷᠢᠭ ᠲᠤ ᠪᠠᠶᠢᠬᠤ ᠬᠡᠷᠡᠭᠲᠡᠢ᠂ ᠵᠠᠮ ᠲᠣᠭᠤᠷᠢᠨ ᠵᠣᠴᠢᠨ ᠲᠠᠲᠠᠬᠤ ᠪᠠ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠢ᠃      ᠬᠤᠷᠢᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠲᠡᠭᠡᠭᠡᠪᠦᠷᠢ ᠶᠢᠨ ᠦᠨ᠎ᠡ ᠶᠢᠨ ᠳᠦᠷᠢᠮ ᠵᠢᠴᠢ ᠪᠠᠷᠢᠮᠵᠢᠶ᠎ᠠ ᠶᠢ ᠤᠷᠢᠳᠴᠢᠯᠠᠨ ᠵᠠᠷᠯᠠᠨ ᠨᠡᠶᠢᠲᠡᠯᠡᠬᠦ ᠶᠢᠨ ᠬᠠᠮᠲᠤ᠂ ᠤᠯᠤᠰ ᠤᠨ ᠪᠠ ᠲᠣᠰ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠲᠣᠰ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠪᠠᠷᠢᠮᠲᠠ ᠶᠢ ᠬᠠᠩᠭᠠᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠳᠤ ᠲᠣᠭᠲᠠᠭᠰᠠᠨ ᠬᠤᠭᠤᠴᠠᠭ᠎ᠠ ᠲᠠᠢ ᠪᠠᠷ ᠦᠢᠯᠡᠴᠢᠯᠡᠭᠡᠨ ᠤ ᠶᠠᠰᠤ ᠴᠢᠨᠠᠷ ᠤᠨ ᠢᠲᠡᠭᠡᠯ ᠬᠦᠨᠳᠦ ᠶᠢᠨ ᠬᠢᠨᠠᠨ ᠰᠢᠯᠭᠠᠯᠲᠠ ᠬᠢᠵᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ᠂ ᠵᠢᠯᠣᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠨᠡᠶᠢᠭᠡᠮ ᠨᠡᠶᠢᠲᠡ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃      ᠲᠠᠪᠤᠳᠤᠭᠠᠷ ᠪᠦᠯᠦᠭ  ᠬᠢᠨᠠᠯᠲᠠ ᠪᠠᠶᠢᠴᠠᠭᠠᠯᠲᠠ      ᠬᠤᠷᠢᠨ ᠵᠢᠷᠭᠤᠳᠤᠭᠠᠷ ᠵᠦᠢᠯ  ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      ᠬᠤᠷᠢᠨ ᠳᠣᠯᠣᠳᠤᠭᠠᠷ ᠵᠦᠢᠯ  ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠥᠭᠡᠷᠡᠴᠢᠯᠡᠯᠲᠡ ᠪᠠ ᠠᠵᠢᠯ ᠲᠥᠷᠥᠯ ᠢ ᠲᠣᠭᠲᠠᠭᠤᠨ ᠪᠠᠶᠢᠯᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠲᠣᠭᠲᠠᠭᠤᠨ ᠢ ᠬᠠᠮᠠᠭᠠᠯᠠᠬᠤ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠮᠡᠳᠡᠭᠡ ᠵᠠᠩᠭᠢ ᠶᠢᠨ ᠰᠣᠯᠢᠯᠴᠠᠬᠤ ᠪᠠ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠵᠦ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠦᠭᠡᠢ ᠪᠠᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠬᠢᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠮᠠᠰᠢᠨ ᠲᠡᠷᠭᠡ ᠪᠤᠶᠤ ᠬᠥᠮᠥᠨ ᠨᠢ ᠨᠢᠭᠡᠳᠦᠯ ᠦᠭᠡᠢ ᠪᠠᠶᠢᠬᠤ᠂ ᠮᠡᠳᠡᠭᠡ ᠵᠠᠩᠭᠢ ᠶᠢ ᠵᠠᠳᠠᠷᠠᠭᠤᠯᠬᠤ᠂ ᠬᠠᠤᠯᠢ ᠶᠣᠰᠣᠭᠠᠷ ᠭᠠᠶᠢᠯᠢ ᠲᠤᠰᠢᠶᠠᠬᠤ ᠦᠭᠡᠢ ᠪᠠᠶᠢᠬᠤ᠂ ᠵᠦᠢ ᠪᠤᠰᠤ ᠥᠷᠢᠰᠦᠯᠳᠦᠭᠡᠨ ᠬᠢᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠦᠨ᠎ᠡ ᠬᠠᠩᠰᠢ ᠶᠢ ᠭᠠᠭᠴᠠᠭᠠᠷ ᠡᠵᠡᠮᠰᠢᠬᠦ᠂ ᠬᠠᠤᠯᠢ ᠪᠤᠰᠤ ᠪᠠᠷ ᠡᠵᠡᠩᠨᠡᠨ ᠪᠡᠯᠡ ᠮᠥᠩᠭᠦ ᠲᠥᠯᠥᠵᠦ ᠳ᠋ᠦᠩᠨᠡᠨ ᠪᠤᠳᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠲᠤᠷᠠᠨ ᠬᠢᠨᠠᠨ ᠬᠠᠮᠢᠶᠠᠷᠴᠤ᠂ ᠬᠠᠮᠲᠤᠷᠠᠨ ᠬᠢᠨᠠᠨ ᠬᠠᠮᠢᠶᠠᠷᠬᠤ ᠶᠢ ᠰᠠᠨᠠᠭᠠᠴᠢᠯᠠᠭᠰᠠᠨ ᠲᠠᠯ᠎ᠠ ᠨᠢ ᠳᠡᠭᠡᠷ᠎ᠡ ᠳᠤᠷᠠᠳᠤᠭᠰᠠᠨ ᠪᠣᠳᠠᠲᠠᠢ ᠵᠦᠢᠯᠡᠰ ᠤᠨ ᠭᠤᠣᠯ ᠪᠤᠶᠤ ᠰᠢᠭᠤᠳ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃      ᠬᠤᠷᠢᠨ ᠨᠠᠢᠮᠠᠳᠤᠭᠠᠷ ᠵᠦᠢᠯ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠪᠠ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠯᠤᠭ᠎ᠠ ᠮᠡᠳᠡᠭᠡ ᠵᠠᠩᠭᠢ ᠶᠢ ᠬᠤᠪᠢᠶᠠᠯᠴᠠᠬᠤ ᠶᠢ ᠪᠡᠶᠡᠯᠡᠭᠦᠯᠬᠦ ᠬᠡᠷᠡᠭᠲᠡᠢ᠃ ᠬᠤᠪᠢᠶᠠᠯᠴᠠᠬᠤ ᠮᠡᠳᠡᠭᠡ ᠵᠠᠩᠭᠢ ᠳᠤ ᠮᠠᠰᠢᠨ ᠲᠡᠷᠭᠡ ᠪᠣᠯᠣᠨ ᠵᠢᠯᠣᠭᠤᠴᠢ᠂ ᠮᠠᠰᠢᠨ ᠲᠡᠷᠭᠡᠨ ᠤ ᠠᠶᠠᠯᠠᠭᠰᠠᠨ ᠵᠠᠮ ᠮᠥᠷ᠂ ᠵᠠᠬᠢᠶᠠᠯᠠᠭ᠎ᠠ ᠶᠢᠨ ᠨᠠᠷᠢᠨ ᠪᠠᠶᠢᠳᠠᠯ᠂ ᠦᠢᠯᠡᠴᠢᠯᠡᠭᠡᠨ ᠤ ᠶᠠᠰᠤ ᠴᠢᠨᠠᠷ᠂ ᠠᠶᠠᠨᠴᠢᠳ ᠤᠨ ᠦᠨᠡᠯᠡᠯᠲᠡ ᠵᠡᠷᠭᠡ ᠮᠡᠳᠡᠭᠡ ᠵᠠᠩᠭᠢ ᠵᠢᠴᠢ ᠠᠶᠠᠨᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠪᠠᠭᠲᠠᠭᠠᠵᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠱᠠᠭᠠᠷᠳᠠᠯᠭ᠎ᠠ ᠶᠣᠰᠣᠭᠠᠷ ᠬᠢᠨᠠᠨ ᠬᠠᠮᠢᠶᠠᠷᠬᠤ ᠲᠠᠪᠴᠠᠩ ᠳᠤ ᠪᠥᠬᠦ ᠬᠡᠮᠵᠢᠶᠡᠨ ᠤ ᠮᠡᠳᠡᠭᠡ ᠵᠠᠩᠭᠢ ᠶᠢ ᠳᠠᠮᠵᠢᠭᠤᠯᠬᠤ ᠬᠡᠷᠡᠭᠲᠡᠢ᠃      ᠬᠤᠷᠢ ᠶᠢᠰᠦᠳᠦᠭᠡᠷ ᠵᠦᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠬᠤᠯᠪᠣᠭᠳᠠᠯ ᠪᠦᠬᠦᠢ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠬᠤ᠂ ᠬᠠᠳᠠᠭᠠᠯᠠᠬᠤ᠂ ᠰᠢᠢᠳᠪᠦᠷᠢᠯᠡᠬᠦ ᠪᠠ ᠠᠰᠢᠭᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠬᠦ᠂ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡᠨ ᠤ ᠲᠠᠪᠴᠠᠩ ᠢ ᠬᠡᠷᠡᠭᠯᠡᠨ ᠮᠡᠳᠡᠭᠡ ᠵᠠᠩᠭᠢ ᠨᠡᠶᠢᠲᠡᠯᠡᠬᠦ ᠪᠤᠶᠤ ᠠᠵᠤ ᠠᠬᠤᠶᠢᠯᠠᠯ᠂ ᠬᠤᠪᠢ ᠬᠥᠮᠥᠨ ᠵᠢᠴᠢ ᠪᠤᠰᠤᠳ ᠪᠦᠯᠬᠦᠮ ᠵᠣᠬᠢᠶᠠᠨ ᠪᠠᠶᠢᠭᠤᠯᠤᠯᠲᠠ ᠶᠢᠨ ᠬᠤᠣᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠬᠦ ᠵᠡᠷᠭᠡ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠬᠤᠯᠪᠣᠭᠳᠠᠯ ᠪᠦᠬᠦᠢ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠢᠨᠠᠨ ᠪᠠᠶᠢᠴᠠᠭᠠᠬᠤ ᠬᠡᠷᠡᠭᠲᠡᠢ᠃      ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠭᠦᠢᠴᠡᠳ ᠠᠰᠢᠭᠯᠠᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠰᠣᠯᠢᠯᠴᠠᠵᠤ ᠬᠤᠪᠢᠶᠠᠯᠴᠠᠬᠤ ᠶᠢ ᠴᠢᠩᠭᠠᠳᠬᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠦᠨᠡᠮᠯᠡᠯ ᠲᠠᠢ ᠵᠢᠯᠣᠭᠤᠴᠢ ᠶᠢᠨ ᠠᠬᠤᠢ ᠪᠠᠶᠢᠳᠠᠯ ᠤᠨ ᠮᠡᠳᠡᠭᠡ ᠵᠠᠩᠭᠢ ᠶᠢᠨ ᠬᠤᠪᠢᠷᠠᠯᠲᠠ ᠶᠢᠨ ᠪᠠᠶᠢᠳᠠᠯ ᠢ ᠤᠯᠠᠷᠢᠯ ᠪᠦᠷᠢ ᠬᠠᠷᠭᠤᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ᠂ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠵᠦᠢ ᠪᠤᠰᠤ ᠥᠷᠢᠰᠦᠯᠳᠦᠭᠡᠨ᠂ ᠦᠨ᠎ᠡ ᠬᠠᠩᠰᠢ ᠶᠢᠨ ᠮᠡᠬᠡᠯᠡᠯ᠂ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠪᠠ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃      ᠭᠤᠴᠢᠳᠤᠭᠠᠷ ᠵᠦᠢᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢ ᠬᠤᠪᠢᠶᠠᠯᠴᠠᠬᠤ ᠲᠠᠪᠴᠠᠩ ᠳᠤ ᠣᠷᠣᠭᠤᠯᠬᠤ ᠬᠡᠷᠡᠭᠲᠡᠢ᠃ ᠡᠭᠦᠨ ᠤ ᠬᠠᠮᠲᠤ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠬᠠᠤᠯᠢ ᠶᠣᠰᠣᠭᠠᠷ ᠢᠯᠡ ᠨᠡᠶᠢᠲᠡᠯᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ ᠲᠦᠷᠢᠶᠡᠰᠦᠨ ᠮᠠᠰᠢᠨ ᠲᠡᠷᠭᠡᠨ ᠤ ᠨᠡᠶᠢᠭᠡᠮᠯᠢᠭ ᠨᠢ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ ᠮᠠᠭᠤ ᠲᠡᠮᠳᠡᠭᠯᠡᠯ ᠤᠨ ᠨᠡᠷᠡᠰ ᠤᠨ ᠳᠦᠷᠢᠮ ᠢ ᠪᠠᠶᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ᠃      ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠬᠤᠶᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠵᠢᠴᠢ ᠵᠢᠯᠣᠭᠤᠴᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠵᠥᠷᠢᠴᠡᠪᠡᠯ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ᠭᠤᠴᠢᠨ ᠭᠤᠷᠪᠠᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ  ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠠᠴᠠ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠭᠤᠴᠢᠨ ᠳᠥᠷᠪᠡᠳᠦᠭᠡᠷ ᠵᠦᠢᠯ ᠵᠠᠮ ᠲᠣᠭᠤᠷᠢᠬᠤ ᠲᠦᠷᠢᠶᠡᠰᠦᠨ ᠮᠠᠰᠢᠨ ᠲᠡᠷᠭᠡ ᠨᠢ ᠴᠠᠬᠢᠯᠭᠠᠨ ᠬᠤᠯᠪᠣᠭ᠎ᠠ᠂ ᠲᠣᠣᠷ ᠰᠦᠯᠵᠢᠶ᠎ᠡ ᠵᠡᠷᠭᠡ ᠪᠠᠷ ᠳᠠᠭᠤᠳᠠᠬᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠠᠶᠠᠨᠴᠢᠳ ᠲᠤ ᠡᠵᠡᠩᠨᠡᠯᠲᠡ ᠶᠢᠨ ᠦᠢᠯᠡᠴᠢᠯᠡᠭᠡ ᠬᠠᠩᠭᠠᠪᠠᠯ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠬᠡᠷᠡᠭᠯᠡᠬᠦ ᠦᠭᠡᠢ᠃      ᠭᠤᠴᠢᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠢᠶᠠᠷ ᠳᠠᠮᠵᠢᠭᠤᠯᠤᠨ ᠳᠠᠭᠤᠳᠠᠬᠤ ᠦᠢᠯᠡᠴᠢᠯᠡᠭᠡ ᠬᠠᠩᠭᠠᠬᠤ ᠵᠠᠮ ᠲᠣᠭᠤᠷᠢᠬᠤ ᠲᠡᠷᠭᠡ ᠨᠢ ᠵᠠᠮ ᠲᠣᠭᠤᠷᠢᠬᠤ ᠲᠡᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃      ᠭᠤᠴᠢᠨ ᠵᠢᠷᠭᠤᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1