︵ᠰᠤᠷᠪᠤᠯᠵᠢᠯᠠᠭᠴᠢ ᠰᠥᠩ ᠰᠢᠶᠠᠩ ᠬᠤᠸᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ | ᠶᠡᠬᠡᠲᠡᠢ ᠪᠠᠶᠢᠭ᠎ᠠ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷ | ᠭᠦᠢᠴᠡᠳᠬᠡᠯ ᠢ ᠭᠦᠢᠴᠡᠳᠬᠡᠬᠦ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ | ᠢᠳᠡᠪᠬᠢᠲᠡᠢ ᠬᠠᠮᠵᠢᠯᠴᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠨᠡᠮᠯᠡᠯ ᠠᠪᠬᠤ ᠳᠤ ᠬᠦᠴᠢᠷ | ᠠᠰᠠᠭᠤᠳᠠᠯ ᠢ ᠰᠢᠢᠳᠪᠦᠷᠢᠯᠡᠪᠡ᠃ 12 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠴᠠᠭᠠᠵᠤ ᠣᠶᠢᠯᠠᠭᠠᠭᠰᠠᠨ ᠦᠨᠡᠮᠯᠡᠯ | ᠠᠪᠬᠤ ᠳᠤ ᠬᠦᠴᠢᠷᠲᠡᠢ 13 ᠲᠥᠷᠥᠯ ᠵᠦᠢᠯ ᠳᠤ᠂ ᠭᠦᠢᠴᠡᠳᠬᠡᠬᠦ ᠶᠣᠰᠣᠲᠠᠢ ᠶᠢ ᠨᠢ ᠦᠨᠳᠦᠰᠦᠨ ᠳᠡᠭᠡᠨ | ᠪᠦᠬᠦᠨ ᠢ ᠭᠦᠢᠴᠡᠳᠬᠡᠪᠡ᠃ ᠡᠭᠦᠨ ᠳᠤ᠂ 6 ᠲᠥᠷᠥᠯ ᠵᠦᠢᠯ ᠢ ᠨᠢᠭᠡᠨᠲᠡ ᠭᠦᠢᠴᠡᠳᠬᠡᠵᠦ ᠳᠠᠭᠤᠰᠬᠠᠪᠠ︔ 2 | ᠲᠥᠷᠥᠯ ᠵᠦᠢᠯ ᠤᠨ ᠲᠦᠭᠵᠢᠷᠡᠯ ᠤᠨ ᠠᠰᠠᠭᠤᠳᠠᠯ ᠢ ᠤᠷᠤᠭᠰᠢᠲᠠᠢ ᠰᠢᠢᠳᠪᠦᠷᠢᠯᠡᠵᠦ᠂ ᠲᠠᠷᠠᠭᠠᠴᠢ ᠶᠢᠨ ᠭᠠᠷᠳᠠᠮ ᠢ | ᠭᠦᠢᠴᠡᠳᠬᠡᠬᠦ ᠶᠢ ᠶᠠᠭ ᠠᠬᠢᠭᠤᠯᠵᠤ ᠪᠠᠶᠢᠨ᠎ᠠ︔ ᠦᠯᠡᠳᠡᠭᠰᠡᠨ 5 ᠲᠥᠷᠥᠯ ᠵᠦᠢᠯ ᠨᠢ ᠠᠵᠤ ᠠᠬᠤᠶᠢᠯᠠᠯ ᠤᠨ | ᠬᠠᠮᠢᠶ᠎ᠠ ᠪᠦᠬᠦᠢ ᠲᠣᠭᠲᠠᠭᠠᠯ ᠤᠨ ᠰᠦᠢᠳᠬᠡᠯ ᠲᠤᠰᠢᠶᠠᠬᠤ ᠴᠢᠳᠠᠯ ᠦᠭᠡᠢ᠂ ᠬᠠᠤᠯᠢ ᠴᠠᠭᠠᠵᠠ ᠵᠠᠷᠭᠤ ᠳᠤ | ᠬᠤᠯᠪᠣᠭᠳᠠᠭᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠵᠡᠯᠡᠨ ᠭᠡᠷ ᠪᠠᠷᠢᠭᠰᠠᠨ ᠵᠡᠷᠭᠡ ᠰᠢᠯᠲᠠᠭᠠᠨ ᠠᠴᠠ | ᠪᠣᠯᠵᠤ᠂ ᠲᠦᠷ ᠴᠠᠭ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠨ᠎ᠠ᠃ | ᠡᠨᠡ ᠵᠢᠯ ᠠᠴᠠ ᠨᠠᠭᠠᠰᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠵᠠᠷ ᠰᠢᠷᠣᠢ | ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷ ᠭᠦᠢᠴᠡᠳᠬᠡᠯ ᠬᠢᠬᠦ ᠠᠰᠠᠭᠤᠳᠠᠯ ᠢ ᠢᠳᠡᠪᠬᠢᠲᠡᠢ | ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠤᠳᠠᠭ᠎ᠠ | ᠲᠦᠯᠬᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠬᠤᠲᠣᠩ | ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠠᠨᠠᠭᠠᠴᠢᠯᠠᠭ᠎ᠠ | ᠠᠴᠠ ᠪᠠᠨ ᠵᠣᠬᠢᠴᠠᠭᠤᠯᠤᠨ ᠬᠠᠷᠢᠯᠴᠠᠵᠤ᠂ ︽ᠲᠦᠭᠵᠢᠷᠡᠯ ᠤᠨ ᠴᠡᠭ︾ ᠢ ᠨᠠᠪᠲᠠᠷᠡᠭᠦᠯᠵᠦ᠂ ︽ᠬᠦᠴᠢᠷ ᠠᠰᠠᠭᠤᠳᠠᠯ | ︾ ᠢ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠳᠤ ᠦᠨᠡᠮᠯᠡᠯ ᠭᠦᠢᠴᠡᠳᠬᠡᠬᠦ ᠠᠷᠭ᠎ᠠ ᠵᠠᠮ ᠢ ᠲᠣᠳᠣᠷᠬᠠᠢ | ᠵᠢᠭᠠᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠥᠪ ᠲᠤ ᠲᠤᠰᠬᠠᠢ ᠠᠵᠤ ᠠᠬᠤᠶᠢᠯᠠᠯ ᠤᠨ ᠴᠣᠩᠬᠤ ᠭᠠᠷᠭᠠᠵᠤ᠂ ᠰᠠᠭᠠᠳ ᠦᠭᠡᠢ ᠨᠡᠪᠲᠡᠷᠡᠬᠦ | ᠵᠠᠮ ᠢ ᠨᠡᠭᠡᠭᠡᠨ᠂ ︽ᠪᠥᠬᠦ ᠲᠠᠯ᠎ᠠ ᠶᠢᠨ︾ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠠᠵᠤ | ᠠᠬᠤᠶᠢᠯᠠᠯ ᠤᠨ ᠲᠡᠷᠡ ᠳᠠᠷᠤᠢ ᠳᠤᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠵᠤ ᠳᠡᠶᠢᠯᠬᠦ ᠶᠢ | ᠦᠨᠡᠨᠬᠦ ᠪᠠᠲᠤᠯᠠᠪᠠ᠃ | ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠢᠯᠡᠳᠬᠡᠬᠦ ᠳᠡᠭᠡᠨ᠂ ᠦᠷᠭᠦᠯᠵᠢᠯᠡᠨ | ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ | ᠪᠠᠶᠢᠳᠠᠯ ᠢ ᠡᠪᠳᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢ ᠭᠦᠢᠴᠡᠳᠬᠡᠬᠦ | ᠠᠵᠢᠯ ᠳᠤ ᠲᠤᠯᠭᠠᠷᠠᠭᠰᠠᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠯᠤᠭᠤᠳᠬᠠᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠦᠨᠡᠮᠯᠡᠯ ᠠᠪᠬᠤ ᠳᠤ ᠬᠦᠴᠢᠷ ᠠᠰᠠᠭᠤᠳᠠᠯ ᠢ ᠶᠡᠭᠡ ᠬᠦᠴᠦ ᠣᠷᠣᠭᠤᠯᠤᠨ | ᠰᠢᠢᠳᠪᠦᠷᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠳᠠᠰᠤᠷᠠᠯᠳᠠ ᠦᠭᠡᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠯᠲᠡ ᠶᠢ ᠪᠠᠲᠤᠯᠠᠨ᠎ᠠ ᠭᠡᠵᠡᠢ᠃ |