ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 23 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/15
      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ 12 ᠳ᠋ᠤᠭᠠᠷ ᠰᠠᠷ᠎ᠠ ᠶᠢᠨ 7 ᠤ ᠡᠳᠦᠷ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠣᠨᠣᠰᠤᠭᠰᠠᠨ ᠨᠢ᠂ ᠡᠪᠦᠯ ᠬᠠᠪᠤᠷ ᠤᠨ ᠤᠯᠠᠷᠢᠯ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ 2023 ᠣᠨ ᠤ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠬᠠᠪᠤᠷ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠤᠯᠪᠣᠭᠳᠠᠯ ᠪᠦᠬᠦᠢ ᠡᠪᠡᠳᠴᠢᠨ ᠡᠮᠭᠡᠭ ᠳᠡᠯᠭᠡᠷᠡᠬᠦ ᠠᠶᠤᠯ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠭᠠᠴᠠᠵᠤ᠂ ᠭᠤᠣᠯᠳᠠᠯᠭ᠎ᠠ ᠲᠠᠢ ᠪᠠᠶᠢᠭᠤᠯᠤᠮᠵᠢ ᠪᠠ ᠭᠤᠣᠯᠳᠠᠯᠭ᠎ᠠ ᠲᠠᠢ ᠬᠥᠮᠥᠰ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠠᠪᠤᠷᠠᠨ ᠵᠠᠰᠠᠯᠲᠠ ᠶᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢ ᠡᠷᠡᠰ ᠰᠠᠬᠢᠨ ᠬᠠᠮᠠᠭᠠᠯᠠᠨ᠎ᠠ᠃ ᠡᠪᠦᠯ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠶ ᠪᠣᠯᠭᠠᠵᠤ᠂ ᠡᠮ ᠤᠨ ᠵᠦᠢᠯ ᠤᠨ ᠠᠮᠤᠷ ᠲᠦᠪᠰᠢᠨ ᠢ ᠪᠦᠬᠦ ᠲᠠᠯ᠎ᠠ  ᠪᠠᠷ ᠪᠠᠬᠢᠵᠢᠭᠦᠯᠦᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠵᠠᠰᠠᠯᠲᠠ ᠪᠠᠷ ᠭᠠᠷᠳᠠᠴᠠ ᠪᠣᠯᠭᠠᠵᠤ᠂ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠪᠠ ᠵᠠᠰᠠᠯ ᠴᠢᠮᠡᠭ ᠤᠨ ᠡᠳ᠋ ᠤᠨ ᠡᠵᠡᠩᠨᠡᠯᠲᠡ ᠬᠡᠷᠡᠭᠯᠡᠯᠲᠡ ᠶᠢᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠡᠵᠡᠮᠳᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠲᠦᠪᠰᠢᠨ ᠢᠶᠠᠷ ᠡᠮ ᠬᠡᠷᠡᠭᠯᠡᠬᠦ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1