︽ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠬᠢᠨᠠᠨ ᠵᠢᠯᠤᠭᠤᠳᠬᠤ ᠺᠣᠮᠢᠰ ᠤᠨ ᠠᠵᠢᠯ ᠤᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/12/18
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠡᠯ᠎ᠡ ᠪᠦᠷᠢᠯᠳᠦᠭᠦᠨ᠄      ᠡᠳᠦᠭᠡ ︽ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠠᠵᠢᠯ ᠤᠨ ᠳᠦᠷᠢᠮ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠪᠣᠯᠪᠠᠤ᠃      2023 ᠣᠨ ᠤ 4 ᠰᠠᠷ᠎ᠠ ᠶᠢᠨ 3ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠳᠦ᠋ᠷᠢᠮ      ᠨᠢᠭᠡᠳᠦᠭᠡᠷ ᠵᠦᠢᠯ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠪᠠ ︽ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠳᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠪᠠᠶᠢᠭᠤᠯᠤᠮᠵᠢ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ︵ᠳᠣᠷᠣᠭᠰᠢ ᠰᠢᠶᠠᠨ ᠤ ᠬᠢᠨᠠᠨ ᠵᠢᠯᠤᠭᠤᠳᠬᠤ ᠵᠥᠪᠯᠡᠯ ᠭᠡᠵᠦ ᠲᠣᠪᠴᠢᠯᠠᠨ᠎ᠠ︶ ᠤᠨ ᠪᠦᠷᠢᠯᠳᠦᠭᠦᠨ ᠨᠢᠭᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠦᠷᠢᠯᠳᠦᠭᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠨᠢᠭᠡᠳᠦᠯᠲᠡᠢ ᠵᠣᠬᠢᠴᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠲᠣᠰ ᠠᠵᠢᠯ ᠤᠨ ᠳᠦᠷᠢᠮ ᠢ ᠣᠨᠴᠠᠭᠠᠶᠢᠯᠠᠨ ᠲᠣᠭᠲᠠᠭᠠᠪᠠ᠃      ᠬᠤᠶᠠᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠨᠢ ᠪᠦᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠲᠥᠯᠦᠪᠵᠢᠭᠦᠯᠭᠡ ᠪᠠ ᠴᠢᠬᠤᠯᠠ ᠬᠡᠷᠡᠭ ᠶᠠᠪᠤᠳᠠᠯ ᠢ ᠬᠢᠨᠠᠨ ᠵᠥᠪᠯᠡᠵᠦ ᠲᠣᠭᠲᠠᠭᠠᠨ᠂ ᠰᠢᠶᠠᠨ ᠤ ᠰᠤᠷᠭᠠᠭᠤᠯᠢ ᠪᠠᠶᠢᠴᠠᠭᠠᠭᠴᠢ ᠶᠢ ᠤᠷᠢᠨ ᠲᠣᠮᠢᠯᠠᠵᠤ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠯᠪᠠᠨ ᠵᠠᠷ ᠢ ᠨᠡᠶᠢᠲᠡᠯᠡᠨ᠎ᠡ᠃      ᠭᠤᠷᠪᠠᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠨᠢ ᠡᠷᠬᠢᠯᠡᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠳᠡᠳ᠋ ᠡᠷᠬᠢᠯᠡᠭᠴᠢ ᠬᠠᠮᠵᠢᠯᠴᠠᠨ ᠠᠵᠢᠯ ᠥᠷᠨᠢᠭᠦᠯᠦᠨ᠎ᠡ᠃      ᠰᠢᠶᠠᠨ ᠤ ᠬᠢᠨᠠᠨ ᠵᠢᠯᠤᠭᠤᠳᠬᠤ ᠵᠥᠪᠯᠡᠯ ᠳᠤ 1 ᠡᠷᠬᠢᠯᠡᠭᠴᠢ ᠭᠠᠷᠭᠠᠨ᠎ᠠ ︵ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠤᠨ ᠶᠡᠷᠦᠩᠬᠡᠢ ᠰᠡᠳᠬᠢᠮᠵᠢ ᠶᠢ ᠰᠦᠪᠡᠭᠴᠢᠯᠡᠵᠦ᠂ ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠠᠵᠢᠯ ᠤᠨ ᠬᠤᠷᠠᠯ ᠢ ᠡᠷᠭᠢᠯᠡᠨ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠤᠨ ᠠᠷᠭ᠎ᠠ ᠬᠡᠮᠵᠢᠶ᠎ᠡ ᠪᠠ ᠴᠢᠬᠤᠯᠠ ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠤᠨ᠎ᠠ︶᠃     ᠳᠡᠳ᠋ ᠡᠷᠬᠢᠯᠡᠭᠴᠢ 2 ᠬᠥᠮᠥᠨ ︵ᠡᠷᠬᠢᠯᠡᠭᠴᠢ ᠶᠢ ᠬᠠᠮᠵᠢᠨ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠭᠤᠣᠯᠳᠠᠯᠭ᠎ᠠ ᠲᠠᠢ ᠠᠵᠢᠯ ᠪᠠ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︶᠂ ᠭᠡᠰᠢᠭᠦᠨ ᠡᠳᠦᠢ ᠲᠡᠳᠦᠢ ᠬᠥᠮᠥᠨ᠃     ᠳᠥᠷᠪᠡᠳᠦᠭᠡᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠳᠣᠣᠷ᠎ᠠ ᠠᠯᠪᠠᠨ ᠭᠡᠷ ᠭᠠᠷᠭᠠᠵᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠬᠢᠷᠠᠭᠤᠯᠤᠨ᠂ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠡᠯ᠎ᠡ ᠲᠥᠷᠥᠯ ᠤᠨ ᠵᠠᠰᠠᠭ ᠢ ᠬᠢᠨᠠᠨ ᠪᠠᠶᠢᠴᠠᠭᠠᠬᠤ᠂ ᠰᠤᠷᠭᠠᠭᠤᠯᠢ ᠶᠢ ᠬᠢᠨᠠᠨ ᠪᠠᠶᠢᠴᠠᠭᠠᠬᠤ᠂ ᠦᠨᠡᠯᠡᠨ ᠵᠢᠱᠢᠵᠦ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠲᠠᠪᠤᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠨᠢ ᠵᠠᠷᠴᠢᠮ ᠳᠡᠭᠡᠷ᠎ᠡ ᠪᠠᠨ ᠵᠢᠯ ᠪᠦᠷᠢ ᠶᠢᠨ ᠵᠢᠯ ᠤᠨ ᠡᠴᠦᠰ ᠲᠤ ᠨᠢᠭᠡ ᠤᠳᠠᠭ᠎ᠠ ᠪᠥᠬᠦᠳᠡ ᠬᠤᠷᠠᠯ ᠬᠤᠷᠠᠯᠳᠤᠭᠤᠯᠵᠤ᠂ ᠡᠷᠬᠢᠯᠡᠭᠴᠢ ᠪᠤᠶᠤ ᠳᠡᠳ᠋ ᠡᠷᠬᠢᠯᠡᠭᠴᠢ ᠠᠴᠠ ᠬᠤᠷᠠᠯᠳᠤᠭᠤᠯᠤᠨ᠂ ᠪᠦᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠤᠨ ᠮᠡᠳᠡᠭᠦᠯᠦᠯᠲᠡ ᠶᠢ ᠬᠢᠨᠠᠨ ᠶᠠᠷᠢᠯᠴᠠᠵᠤ᠂ ᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠤᠨ ᠭᠤᠣᠯᠳᠠᠯᠭ᠎ᠠ ᠪᠠ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠷᠬᠢᠯᠡᠭᠴᠢ ᠪᠤᠶᠤ ᠳᠡᠳ᠋ ᠡᠷᠬᠢᠯᠡᠭᠴᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠪᠣᠯᠣᠨ᠎ᠠ᠃      ᠵᠢᠷᠭᠤᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠨᠡᠷ᠎ᠡ ᠪᠠᠷ ᠪᠠᠭᠤᠯᠭᠠᠭᠰᠠᠨ ᠪᠢᠴᠢᠭ ᠮᠠᠲ᠋ᠧᠷᠢᠶᠠᠯ᠂ ᠵᠠᠬᠢᠳᠠᠯ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠮᠡᠳᠡᠭᠦᠯᠦᠯᠲᠡ ᠪᠠ ᠠᠯᠪᠠᠨ ᠮᠡᠳᠡᠭᠡ ᠶᠢ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠡᠷᠬᠢᠯᠡᠭᠴᠢ ᠪᠤᠶᠤ ᠡᠷᠬᠡ ᠣᠯᠭᠤᠭᠰᠠᠨ ᠳᠡᠳ᠋ ᠡᠷᠬᠢᠯᠡᠭᠴᠢ ᠠᠴᠠ ᠭᠠᠷ ᠤᠨ ᠥᠰᠥᠭ ᠵᠢᠷᠤᠵᠤ ᠶᠠᠪᠤᠭᠤᠯᠤᠨ᠎ᠠ᠃ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠠᠯᠪᠠᠨ ᠭᠡᠷ ᠤᠨ ᠨᠡᠷ᠎ᠡ ᠪᠠᠷ ᠪᠠᠭᠤᠯᠭᠠᠭᠰᠠᠨ ᠪᠢᠴᠢᠭ ᠮᠠᠲ᠋ᠧᠷᠢᠶᠠᠯ᠂ ᠵᠠᠬᠢᠳᠠᠯ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠮᠡᠳᠡᠭᠦᠯᠦᠯᠲᠡ ᠶᠢ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠳᠡᠳ᠋ ᠡᠷᠬᠢᠯᠡᠭᠴᠢ ᠪᠤᠶᠤ ᠠᠯᠪᠠᠨ ᠭᠡᠷ ᠤᠨ ᠬᠠᠷᠢᠭᠤᠴᠠᠯᠭᠠᠲᠠᠨ ᠠᠴᠠ ᠭᠠᠷ ᠤᠨ ᠥᠰᠥᠭ ᠵᠢᠷᠤᠵᠤ ᠶᠠᠪᠤᠭᠤᠯᠤᠨ᠎ᠠ᠃      ᠳᠣᠯᠣᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠠᠯᠪᠠᠨ ᠭᠡᠷ ᠨᠢ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠭᠡᠰᠢᠭᠦᠳ ᠲᠤ ᠴᠢᠬᠤᠯᠠ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠭᠡᠰᠢᠭᠦᠳ ᠢ ᠵᠣᠬᠢᠶᠠᠨ ᠪᠠᠶᠢᠭᠤᠯᠵᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠷᠠᠯᠳᠤᠭᠤᠯᠤᠭᠰᠠᠨ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠠᠵᠢᠯ ᠤᠨ ᠬᠤᠷᠠᠯ ᠳᠤ ᠣᠷᠣᠯᠴᠠᠭᠤᠯᠵᠤ ᠪᠣᠯᠣᠨ᠎ᠠ᠃      ᠨᠠᠢᠮᠠᠳᠤᠭᠠᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠨᠢ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ ᠵᠢᠴᠢ ᠳᠣᠣᠷ᠎ᠠ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠵᠢᠯᠤᠭᠤᠳᠬᠤ ᠡᠯ᠎ᠡ ᠪᠦᠷᠢᠯᠳᠦᠭᠦᠨ ᠨᠢᠭᠡᠴᠡ ᠨᠦᠭᠦᠳ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠲᠥᠷᠥ ᠶᠢᠨ ᠪᠣᠳᠣᠯᠭ᠎ᠠ ᠪᠣᠯᠣᠨ ᠰᠢᠢᠳᠪᠦᠷᠢ ᠶᠢ ᠦᠨᠳᠦᠰᠦᠯᠡᠨ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ ᠂ ᠪᠥᠬᠦ ᠰᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠠᠵᠢᠯ ᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠄ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠨ ᠬᠥᠮᠦᠵᠢᠯ ᠢ ᠵᠥᠪᠯᠡᠬᠦ ᠳᠦᠷᠢᠮ ᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠶᠡᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠰᠢᠶᠠᠩ ᠪᠠᠯᠭᠠᠰᠤ ᠵᠢᠴᠢ ᠰᠢᠶᠠᠨ ᠤ ᠰᠢᠭᠤᠳ ᠬᠠᠷᠢᠶ᠎ᠠ ᠨᠢᠭᠡᠴᠡ ᠠᠴᠠ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃      ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠶᠢ ᠬᠠᠷᠢᠭᠤᠴᠠᠵᠤ᠂ ᠨᠠᠮ ᠤᠨ ᠰᠤᠷᠭᠠᠨ ᠬᠥᠮᠦᠵᠢᠯ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠱᠠᠩᠨᠠᠵᠤ ᠲᠣᠷᠭᠠᠬᠤ ᠳᠤᠮᠳᠠ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠯᠭ᠎ᠠ ᠶᠢᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠠᠩᠬᠠᠷᠤᠨ ᠣᠶᠢᠯᠠᠭᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠪᠠᠶᠢᠪᠠᠯ᠂ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠪᠠᠶᠢᠳᠠᠯ ᠢ ᠨᠢ ᠦᠵᠡᠵᠦ ᠪᠠᠶᠢᠭᠠᠳ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠵᠢᠴᠢ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠵᠤ ᠂ ᠡᠯ᠎ᠡ ᠲᠥᠷᠥᠯ ᠤᠨ ᠵᠠᠭᠤᠴᠢᠯᠠᠭᠤᠷ ᠤᠨ ᠰᠤᠷᠭᠠᠨ ᠬᠥᠮᠦᠵᠢᠯ ᠳᠤ ᠬᠤᠯᠪᠣᠭᠳᠠᠬᠤ ᠤᠬᠠᠭᠤᠯᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃      ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠄ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠢᠴᠢ ᠠᠵᠢᠯᠲᠠᠨ ᠤ ᠪᠦᠲᠦᠴᠡ ᠶᠢᠨ ᠬᠠᠷᠢᠴᠠᠯ ᠢ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠶᠢ ᠨᠥᠬᠦᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠵᠦᠢ ᠵᠣᠬᠢᠰᠲᠠᠢ ᠰᠢᠯᠵᠢᠬᠦ ᠶᠢ ᠠᠬᠢᠭᠤᠯᠤᠨ᠎ᠠ᠃      ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠰᠤᠷᠭᠠᠨ ᠬᠥᠮᠦᠵᠢᠯ ᠤᠨ ᠦᠢᠯᠡᠰ ᠢ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ᠤᠷᠲᠤᠪᠲᠤᠷ ᠪᠠ ᠤᠷᠳᠦ ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠳᠤ ᠣᠷᠣᠭᠤᠯᠬᠤ ᠶᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠶᠢᠴᠡᠬᠦ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠨ᠎ᠠ᠃      ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠄ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠶᠣᠰᠣ ᠮᠣᠷᠠᠯ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠯᠲᠡ ᠶᠢ ᠲᠦᠯᠬᠢᠨ ᠠᠬᠢᠭᠤᠯᠤᠨ᠎ᠠ᠃      ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠄ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠦᠨᠳᠦᠰᠦᠨ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃      ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠳᠣᠲᠣᠭᠠᠳᠤ ᠶᠢᠨ ᠠᠮᠤᠷ ᠢ ᠬᠠᠮᠠᠭᠠᠯᠠᠬᠤ ᠠᠵᠢᠯ ᠢ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠠᠭᠰᠢ ᠰᠤᠷᠤᠭᠴᠢᠳ ᠤᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠎ᠠ᠃       ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠬᠠᠮᠢᠶ᠎ᠠ ᠪᠦᠬᠦᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠨ ᠵᠢᠯᠤᠭᠤᠳᠬᠤ ᠶᠢ ᠰᠢᠶᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠣᠬᠢᠴᠠᠩᠭᠤᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ︔ ᠭᠡᠷ ᠲᠡᠭᠡᠨ ᠬᠤᠴᠣᠷᠤᠭᠰᠠᠨ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃      ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠤᠭᠤᠳᠬᠤ ᠶᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠦᠪᠵᠢᠭᠦᠯᠭᠡ ᠳᠤ ᠣᠷᠣᠭᠤᠯᠵᠤ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠵᠠᠯᠠᠭᠤᠴᠤᠳ ᠪᠠᠭᠠᠴᠤᠳ ᠤᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠬᠠᠤᠯᠢ ᠳᠦᠷᠢᠮ ᠤᠨ ᠬᠢᠴᠢᠶᠡᠯ᠂ ᠬᠠᠤᠯᠢ ᠳᠦᠷᠢᠮ ᠤᠨ ᠬᠥᠮᠦᠵᠢᠯ ᠤᠨ ᠠᠵᠢᠯᠯᠠᠭ᠎ᠠ ᠳᠤ ᠬᠠᠪᠰᠤᠷᠤᠯᠭ᠎ᠠ ᠦᠵᠡᠭᠦᠯᠦᠨ᠎ᠡ︔ ᠪᠠᠭᠰᠢ᠂ ᠵᠠᠯᠠᠭᠤ ᠪᠠᠭ᠎ᠠ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠠᠤᠯᠢ ᠳᠦᠷᠢᠮ ᠤᠨ ᠰᠤᠷᠭᠠᠭᠤᠯᠢ ᠶᠢᠨ ᠵᠠᠬᠢᠷᠤᠯ ᠢ ᠬᠠᠮᠢᠶᠠᠷᠬᠤ᠂ ᠪᠣᠯᠪᠠᠰᠤᠷᠠᠭᠤᠯᠬᠤ ᠪᠠ ᠬᠢᠨᠠᠨ ᠰᠢᠯᠭᠠᠬᠤ ᠠᠵᠢᠯ ᠢ ᠴᠢᠩᠭᠠᠳᠬᠠᠨ᠎ᠠ᠃      ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠄ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠣᠷᠣᠭᠤᠯᠤᠯᠲᠠ ᠶᠢ ᠰᠢᠶᠠᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ ᠪᠠᠲᠤᠯᠠᠬᠤ ᠶᠢ ᠬᠠᠷᠢᠭᠤᠴᠠᠵᠤ᠂ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠪᠠᠭᠰᠢ ᠶᠢᠨ ᠴᠠᠯᠢᠩ ᠤᠨ ᠣᠷᠣᠯᠭ᠎ᠠ ᠶᠢ ᠬᠠᠤᠯᠢ ᠶᠣᠰᠣᠭᠠᠷ ᠪᠠᠲᠤᠯᠠᠬᠤ ᠶᠢ ᠲᠦᠷᠦᠭᠦᠯᠡᠨ ᠬᠠᠷᠢᠭᠤᠴᠠᠵᠤ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠵᠦᠢ ᠵᠣᠬᠢᠰᠲᠠᠢ ᠰᠢᠯᠵᠢᠬᠦ ᠶᠢ ᠠᠬᠢᠭᠤᠯᠤᠨ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠪᠦᠷᠢᠨᠰᠢᠭᠦᠯᠦᠨ᠎ᠡ᠃      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠡᠯ᠎ᠡ ᠭᠠᠵᠠᠷ ᠤᠨ ᠬᠢᠨ ᠤ ᠰᠤᠷᠭᠠᠭᠤᠯᠢ ᠶᠢᠨ ᠪᠠᠶᠢᠷᠢᠰᠢᠯ ᠤᠨ ᠲᠥᠯᠦᠪᠵᠢᠭᠦᠯᠭᠡ ᠶᠢ ᠰᠠᠶᠢᠲᠤᠷ ᠬᠢᠬᠦ ᠶᠢ ᠬᠠᠷᠢᠭᠤᠴᠠᠨ ᠵᠢᠯᠤᠭᠤᠳᠴᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠯᠣᠭᠤᠳᠤᠨ᠎ᠠ᠃      ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠡᠯ᠎ᠡ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠠᠷᠢᠯᠭ᠎ᠠ ᠶᠢᠨ ᠶᠠᠰᠤ ᠴᠢᠨᠠᠷ᠂ ᠰᠤᠷᠭᠠᠭᠤᠯᠢ ᠶᠢᠨ ᠭᠡᠷ ᠪᠠᠶᠢᠰᠢᠩ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠵᠡᠷᠭᠡ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠠᠵᠢᠯ ᠢ ᠬᠠᠮᠵᠢᠨ ᠰᠠᠶᠢᠲᠤᠷ ᠬᠢᠬᠦ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯ ᠢ ᠬᠠᠮᠵᠢᠨ ᠰᠠᠶᠢᠲᠤᠷ ᠬᠢᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠮᠵᠢᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠤᠨ ᠬᠤᠷᠰᠢᠯᠴᠠᠭ᠎ᠠ ᠶᠢ ᠲᠦᠯᠬᠢᠨ ᠠᠬᠢᠭᠤᠯᠬᠤ᠂ ᠠᠵᠤ ᠦᠢᠯᠡᠰ ᠤᠨ ᠴᠢᠳᠠᠪᠤᠷᠢᠲᠠᠨ ᠤ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ᠂ ᠰᠤᠷᠭᠠᠨ ᠬᠥᠮᠦᠵᠢᠯ ᠤᠨ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠳᠡᠮᠵᠢᠬᠦ ᠶᠢ ᠬᠠᠷᠢᠭᠤᠴᠠᠨ᠎ᠠ᠃      ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠄ ᠰᠣᠶᠣᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠬᠠᠷᠢᠭᠤᠴᠠᠵᠤ᠂ ᠪᠠᠭᠰᠢ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ ᠬᠡᠷᠡᠭᠯᠡᠭᠦᠯᠵᠦ᠂ ᠰᠤᠷᠭᠠᠭᠤᠯᠢ ᠶᠢ ᠵᠢᠯᠣᠭᠤᠳᠤᠨ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠰᠤᠷᠭᠠᠭᠤᠯᠢ ᠶᠢᠨ ᠰᠣᠶᠣᠯ᠂ ᠤᠷᠠᠯᠢᠭ ᠂ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠬᠦ ᠶᠢ ᠵᠢᠯᠤᠭᠤᠳᠴᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃    ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠰᠤᠷᠭᠠᠭᠤᠯᠢ ᠶᠢᠨ ︽ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠤᠨ ᠳᠦᠷᠢᠮ︾ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠵᠤ ᠂ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠪᠠᠶᠢᠴᠠᠭᠠᠯᠲᠠ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠦᠨᠡᠯᠡᠯᠲᠡ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠵᠠᠯᠠᠷᠠᠭᠤᠯᠬᠤ᠂ ᠠᠮᠢᠳᠤᠷᠠᠯ ᠤᠨ ᠤᠤᠭᠤᠬᠤ ᠤᠰᠤ᠂ ᠣᠯᠠᠨ ᠨᠡᠶᠢᠲᠡ ᠶᠢᠨ ᠲᠠᠯᠠᠪᠤᠷ ᠤᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠ ᠵᠢᠯᠣᠭᠤᠳᠤᠨ᠎ᠠ᠃     ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢᠨ ᠤᠬᠠᠭᠤᠯᠭ᠎ᠠ ᠬᠥᠮᠦᠵᠢᠯ ᠤᠨ ᠲᠦᠭᠡᠮᠡᠯᠵᠢᠭᠦᠯᠦᠯᠲᠡ ᠶᠢ ᠲᠤᠤᠱᠯᠠᠭᠤᠯᠤᠨ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠮᠡᠳᠡᠯᠭᠡ᠂ ᠮᠡᠷᠭᠡᠵᠢᠯ ᠴᠢᠳᠠᠪᠤᠷᠢ ᠵᠡᠷᠭᠡ ᠶᠢ ᠵᠢᠭᠠᠨ ᠵᠢᠯᠤᠭᠤᠳᠬᠤ ᠶᠢ ᠬᠠᠷᠢᠭᠤᠴᠠᠨ᠎ᠠ︔ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠵᠢᠯᠤᠭᠤᠳᠴᠤ ᠪᠠᠶᠢᠭᠠᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃      ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠨᠡᠶᠢᠭᠡᠮ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ ᠳᠠᠩᠰᠠᠯᠠᠬᠤ᠂ ᠰᠦᠢᠳᠬᠡᠯ ᠬᠤᠷᠢᠶᠠᠬᠤ᠂ ᠵᠠᠷ ᠤᠨ ᠤᠬᠠᠭᠤᠯᠭ᠎ᠠ᠂ ᠭᠠᠭᠴᠠᠭᠠᠷ ᠡᠵᠡᠮᠳᠡᠬᠦ ᠢ ᠡᠰᠡᠷᠭᠦᠴᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢ ᠬᠠᠷᠢᠭᠤᠴᠠᠵᠤ᠂ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠬᠠᠤᠯᠢ ᠶᠣᠰᠣᠭᠠᠷ ᠴᠡᠭᠴᠡᠯᠡᠨ᠎ᠡ᠃      ᠡᠪᠯᠡᠯ ᠤᠨ ᠰᠢᠶᠠᠨ ᠤ ᠬᠤᠷᠢᠶ᠎ᠠ᠄ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠢ ᠬᠠᠮᠵᠢᠨ ᠰᠤᠷᠭᠠᠭᠤᠯᠢ ᠶᠢᠨ ᠨᠠᠮ᠂ ᠡᠪᠯᠡᠯ ᠤᠨ ᠬᠤᠷᠢᠶ᠎ᠠ᠂ ᠪᠠᠷᠢᠭᠠᠳᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠡᠪᠯᠡᠯ ᠤᠨ ᠺᠠᠳ᠋ᠷ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢ ᠲᠣᠬᠢᠷᠠᠭᠤᠯᠬᠤ ᠪᠠᠷᠢᠮᠵᠢᠶ᠎ᠠ᠂ ᠲᠤᠰᠢᠶᠠᠯ ᠡᠭᠦᠷᠭᠡᠯᠡᠬᠦ ᠵᠢᠷᠤᠮ ᠪᠠ ᠦᠨᠡᠯᠡᠨ ᠤᠷᠮᠠᠰᠢᠭᠤᠯᠬᠤ ᠲᠣᠭᠲᠠᠴᠠ ᠶᠢ ᠵᠢᠯᠣᠭᠤᠳᠤᠨ ᠨᠠᠶᠢᠳᠠᠪᠤᠷᠢᠵᠢᠭᠤᠯᠤᠨ᠎ᠠ᠃ ᠵᠠᠯᠠᠭᠤᠴᠤᠳ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ᠂ ᠵᠠᠯᠠᠭᠤᠴᠤᠳ ᠪᠠᠭᠠᠴᠤᠳ ᠬᠡᠦᠬᠡᠳ ᠤᠨ ᠡᠷᠬᠡ ᠠᠰᠢᠭ ᠯᠤᠭ᠎ᠠ ᠬᠤᠯᠪᠣᠭ᠎ᠠ ᠲᠠᠢ ᠡᠯ᠎ᠡ ᠲᠥᠷᠥᠯ ᠤᠨ ᠬᠡᠷᠡᠭ ᠶᠠᠪᠤᠳᠠᠯ ᠢ ᠵᠢᠯᠣᠭᠤᠳᠤᠨ ᠥᠷᠨᠢᠭᠦᠯᠦᠨ᠎ᠡ᠃      ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ᠄ ᠵᠡᠮᠳᠡᠭ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢ ᠬᠠᠷᠢᠭᠤᠴᠠᠵᠤ᠂ ᠵᠡᠮᠳᠡᠭ ᠬᠡᠦᠬᠡᠳ ᠤᠨ ᠪᠠᠶᠢᠳᠠᠯ ᠢ ᠪᠠᠶᠢᠴᠠᠭᠠᠨ ᠡᠵᠡᠮᠰᠢᠵᠦ᠂ ᠵᠡᠮᠳᠡᠭ ᠬᠡᠦᠬᠡᠳ ᠤᠨ ᠪᠠᠲᠤᠯᠠᠭ᠎ᠠ ᠶᠢᠨ ᠰᠢᠰᠲ᠋ᠧᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠠᠬᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠨ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠣᠨᠴᠣᠭᠤᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠥᠭᠵᠢᠯᠲᠡ ᠶᠢ ᠳᠡᠮᠵᠢᠨ᠎ᠡ᠃     ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠄ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠨᠡᠭᠡᠭᠡᠨ ᠬᠡᠷᠡᠭᠯᠡᠬᠦ ᠶᠢ ᠳᠡᠮᠵᠢᠨ ᠵᠢᠯᠣᠭᠤᠳᠤᠨ᠎ᠠ᠃      ᠶᠢᠰᠦᠳᠦᠭᠡᠷ ᠵᠦᠢᠯ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠭᠡᠰᠢᠭᠦᠨ ᠬᠢᠨᠠᠨ ᠵᠢᠯᠤᠭᠤᠳᠬᠤ ᠠᠵᠢᠯ ᠳᠤ ᠢᠳᠡᠪᠬᠢᠲᠡᠢ ᠣᠷᠣᠯᠴᠠᠵᠤ᠂ ᠵᠢᠯ ᠪᠦᠷᠢ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠠᠵᠢᠯ ᠤᠨ ᠪᠠᠶᠢᠴᠠᠭᠠᠨ ᠰᠤᠳᠤᠯᠤᠯᠲᠠ ᠬᠢᠬᠦ ᠪᠤᠶᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠴᠤ ᠦᠨᠡᠯᠡᠨ ᠵᠢᠱᠢᠬᠦ ᠪᠠᠶᠢᠴᠠᠭᠠᠯᠲᠠ ᠶᠢᠨ ᠠᠵᠢᠯᠯᠠᠭ᠎ᠠ ᠳᠤ 1 ᠤᠳᠠᠭ᠎ᠠ ᠠᠴᠠ ᠳᠡᠭᠡᠭᠰᠢ ᠣᠷᠣᠯᠴᠠᠵᠤ᠂ ᠰᠢᠶᠠᠨ ᠤ ᠬᠢᠨᠠᠨ ᠵᠢᠯᠤᠭᠤᠳᠬᠤ ᠵᠥᠪᠯᠡᠯ ᠤᠨ ᠠᠯᠪᠠᠨ ᠭᠡᠷ ᠲᠤ ᠰᠠᠨᠠᠯ ᠰᠠᠨᠠᠭᠤᠯᠭ᠎ᠠ ᠪᠠᠨ ᠴᠠᠭ ᠲᠤᠬᠠᠢ ᠳᠤᠨᠢ ᠲᠤᠰᠢᠶᠠᠬᠤ ᠬᠡᠷᠡᠭᠲᠡᠢ᠃      ᠠᠷᠪᠠᠳᠤᠭᠠᠷ ᠵᠦᠢᠯ ᠲᠤᠰ ᠠᠵᠢᠯ ᠤᠨ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1